ᠰᠠᠶᠢᠬᠠᠨ ᠲᠣᠭᠤᠷᠢᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯᠯᠠᠭ᠎ᠠ ᠶᠢᠨ ᠠᠮᠤᠷ ᠲᠦᠪᠰᠢᠨ ᠢ ᠪᠠᠳᠣᠯᠠᠨ᠎ᠠ
ᠨᠡᠶᠢᠲᠡᠯᠡᠭᠰᠡᠨ ᠴᠠᠭ᠄
2025/4/1
      ᠣᠶᠢᠷ᠎ᠠ ᠳᠤ᠂ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠲᠠᠢ ᠬᠠᠮᠲᠤᠷᠠᠨ᠂ ᠬᠡᠰᠡᠭ ᠣᠷᠣᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠲᠤᠰᠬᠠᠢ ᠵᠦᠢᠯ ᠤᠨ ᠬᠠᠮᠲᠤᠷᠠᠭᠰᠠᠨ ᠪᠠᠶᠢᠴᠠᠭᠠᠯᠲᠠ ᠬᠢᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠢ ᠬᠠᠮᠠᠭᠠᠯᠠᠪᠠ᠃
图片1.jpg
       ᠦᠷ᠎ᠡ ᠶᠢᠨ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠠᠵᠢᠯᠯᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠪᠣᠯᠪᠠ᠃ ᠬᠠᠤᠯᠢ ᠬᠡᠷᠡᠭᠵᠢᠭᠦᠯᠬᠦ ᠠᠵᠢᠯᠲᠠᠨ ᠦᠷ᠎ᠡ ᠶᠢᠨ ᠡᠵᠡᠩᠨᠡᠯᠲᠡ ᠶᠢᠨ ᠳᠡᠯᠭᠡᠭᠦᠷ ᠲᠤ ᠭᠦᠨᠵᠡᠭᠡᠶᠢᠷᠡᠨ᠂ ᠦᠨᠡᠮᠯᠡᠯ᠂ ᠡᠷᠬᠡ ᠣᠯᠭᠤᠭᠰᠠᠨ ᠪᠢᠴᠢᠭ ᠮᠠᠲ᠋ᠧᠷᠢᠶᠠᠯ ᠵᠡᠷᠭᠡ ᠬᠢᠷᠢ ᠬᠡᠮ ᠤᠨ ᠮᠠᠲ᠋ᠧᠷᠢᠶᠠᠯ ᠢ ᠭᠤᠣᠯᠳᠠᠯᠭ᠎ᠠ ᠲᠠᠢ ᠬᠢᠨᠠᠨ ᠪᠠᠶᠢᠴᠠᠭᠠᠵᠤ᠂ ᠪᠤᠰᠤᠳ ᠤᠨ ᠡᠷᠬᠡ ᠳᠤ ᠬᠠᠯᠳᠠᠭᠰᠠᠨ᠂ ᠳᠤᠷ᠎ᠠ ᠪᠠᠷ ᠢᠶᠠᠨ ᠰᠠᠮᠠᠭᠤᠷᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠲᠤᠬᠠᠢ ᠶᠢᠨ ᠲᠠᠯᠠᠪᠤᠷ ᠲᠤ ᠡᠵᠡᠩᠨᠡᠭᠴᠢ ᠳᠤ ᠬᠠᠮᠢᠶ᠎ᠠ ᠪᠦᠬᠦᠢ ᠲᠣᠭᠲᠠᠭᠠᠯ ᠢ ᠲᠦᠭᠡᠮᠡᠯᠵᠢᠭᠦᠯᠵᠦ᠂ ᠠᠵᠤ ᠠᠬᠤᠶᠢᠯᠠᠯ ᠤᠨ ᠬᠠᠷᠢᠯᠴᠠᠵᠤ ᠦᠢᠯᠡᠴᠢᠯᠡᠬᠦ ᠲᠣᠭᠲᠠᠴᠠ ᠶᠢ ᠪᠠᠶᠢᠭᠤᠯᠤᠨ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠨ ᠨᠡᠮᠡᠷᠢᠯᠡᠪᠡ᠃ ᠠᠵᠢᠯᠯᠠᠭ᠎ᠠ ᠶᠢᠨ ᠬᠤᠭᠤᠴᠠᠭᠠᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠨᠢᠭᠡᠴᠡ ᠨᠡᠶᠢᠲᠡ 12 ᠡᠷᠦᠬᠡ ᠶᠢ ᠪᠠᠶᠢᠴᠠᠭᠠᠵᠤ᠂ ︽ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠠᠮᠠᠯᠠᠯᠲᠠ ᠶᠢᠨ ᠪᠢᠴᠢᠭ︾ ᠲᠤ 12 ᠬᠤᠪᠢ ᠭᠠᠷ ᠤᠨ ᠥᠰᠥᠭ ᠵᠢᠷᠤᠵᠤ᠂ ᠴᠡᠭᠴᠡᠯᠡᠨ ᠰᠠᠶᠢᠵᠢᠷᠠᠭᠤᠯᠪᠠ᠃
图片2.png
        ᠲᠣᠰ ᠤᠳᠠᠭᠠᠨ ᠤ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠨᠢ ︽ᠬᠢᠨᠠᠨ ᠬᠠᠮᠢᠶᠠᠷᠬᠤ ᠦᠢᠯᠡᠴᠢᠯᠡᠭᠡ︾ ᠶᠢᠨ ᠬᠤᠣᠰ ᠬᠦᠷᠳᠦ ᠪᠠᠷ ᠬᠥᠳᠡᠯᠭᠡᠭᠦᠷ ᠪᠣᠯᠭᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠮᠥᠷᠲᠡᠭᠡᠨ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂  ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠰᠢᠨ᠎ᠡ ᠠᠮᠢ ᠠᠬᠤᠢ ᠶᠢ ᠪᠣᠶ ᠪᠣᠯᠭᠠᠨ᠎ᠠ ᠃      ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号