| ᠠᠮᠤᠭᠤᠯᠠᠩ ᠰᠠᠭᠤᠬᠤ ᠪᠣᠯ ᠠᠵᠢᠯ ᠦᠢᠯᠡᠰ ᠴᠣᠭᠴᠠᠯᠠᠬᠤ ᠶᠢᠨ ᠰᠠᠭᠤᠷᠢ ᠮᠥᠨ᠃ ᠡᠲᠡᠭᠡᠷ ᠵᠢᠯ ᠤᠳ ᠲᠤ᠂ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠨᠢ ᠴᠥᠭᠡᠨ ᠪᠤᠰᠤ ᠬᠤᠲᠠ ᠶᠢᠨ ᠰᠠᠭᠤᠭᠠᠯᠢ | ᠠᠷᠠᠳ ᠢ ᠵᠢᠵᠢᠭ ᠥᠨᠳᠥᠷ ᠳᠠᠪᠬᠤᠷᠭ᠎ᠠ᠂ ᠴᠠᠬᠢᠯᠭᠠᠨ ᠱᠠᠲᠤ ᠲᠠᠢ ᠭᠡᠷ ᠪᠠᠶᠢᠰᠢᠩ ᠳᠤ ᠰᠠᠭᠤᠯᠭᠠᠵᠤ᠂ ᠣᠷᠣᠨ | ᠰᠠᠭᠤᠴᠠ ᠶᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠭᠰᠠᠨ ᠪᠣᠯᠪᠠᠴᠤ ᠮᠠᠰᠢ ᠣᠯᠠᠨ ᠣᠷᠣᠨ ᠰᠠᠭᠤᠴᠠ | ᠨᠢ ᠲᠠᠭᠤ ᠬᠥᠨᠳᠡᠶᠢᠷᠡᠭᠦᠯᠬᠦ ᠴᠢᠳᠠᠪᠤᠷᠢ ᠠᠨᠠᠢ᠂ ᠳᠠᠪᠬᠤᠷᠯᠢᠭ ᠤᠨ ᠥᠨᠳᠥᠷ ᠪᠣᠭᠤᠨᠢ᠂ ᠠᠷᠢᠭᠤᠨ ᠴᠡᠪᠡᠷ ᠤᠨ | ᠲᠠᠰᠤᠯᠭ᠎ᠠ ᠶᠢᠨ ᠦᠨᠦᠷ ᠶᠡᠭᠡ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠨᠢᠭᠡ ᠯᠡ ᠦᠭᠡ ᠪᠠᠷ ᠬᠡᠯᠡᠪᠡᠯ᠂ | ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠂ ︽ᠣᠲᠣ ᠦᠶ᠎ᠡ ᠶᠢᠨ ᠲᠥᠷᠥᠭᠳᠡᠯ︾ ᠪᠠᠰᠠ | ᠲᠡᠶᠢᠮᠦ ᠴᠢᠩᠭ᠎ᠠ ᠪᠢᠰᠢ ᠪᠠᠶᠢᠵᠤ᠂ ︽ᠰᠠᠶᠢᠨ︾ ᠤ ᠪᠠᠷᠢᠮᠵᠢᠶ᠎ᠠ ᠠᠴᠠ ᠪᠠᠰᠠ ᠵᠥᠷᠢᠶ᠎ᠡ ᠲᠠᠢ ᠪᠠᠶᠢᠭᠰᠠᠭᠠᠷ᠃ ᠶᠠᠭ ᠡᠶᠢᠮᠦ | ᠤᠴᠢᠷ ᠠᠴᠠ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠢᠴᠢᠵᠦ ᠣᠷᠣᠭᠤᠯᠤᠭᠰᠠᠨ | ︽ᠰᠠᠶᠢᠨ ᠭᠡᠷ ᠪᠠᠶᠢᠰᠢᠩ︾ ᠨᠢ ᠬᠥᠮᠥᠰ ᠤᠨ ᠠᠩᠬᠠᠷᠤᠯ ᠢ ᠴᠥᠭᠡᠨ ᠪᠤᠰᠤ ᠲᠠᠲᠠᠭᠰᠠᠨ ᠪᠠᠶᠢᠨ᠎ᠠ᠃ | | | ︽ᠰᠠᠶᠢᠨ ᠭᠡᠷ ᠪᠠᠶᠢᠰᠢᠩ︾ ᠨᠢ ᠶᠠᠮᠠᠷ ᠶᠠᠩᠵᠤ ᠲᠠᠢ ᠪᠤᠶ︖ | | | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠄ ︽ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ | ᠦᠭᠡᠢ᠂ ᠣᠶᠤᠨᠴᠢ︾ ᠭᠡᠵᠦ ᠲᠣᠳᠣᠷᠬᠠᠶᠢᠯᠠᠭᠰᠠᠨ ᠪᠠᠶᠢᠨ᠎ᠠ᠃ | ᠣᠳᠣᠬᠠᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ | ᠠᠴᠠ ︽ᠰᠠᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠶᠢ ᠨᠠᠶᠢᠷᠠᠭᠤᠯᠤᠨ ᠵᠣᠬᠢᠶᠠᠵᠤ᠂ | ︽ᠣᠷᠣᠨ ᠰᠠᠭᠤᠴᠠ ᠶᠢᠨ ᠲᠦᠷᠦᠯ ᠵᠦᠢᠯ ᠤᠨ ᠵᠢᠷᠤᠮᠵᠢᠯ︾ ᠳᠤ ᠵᠠᠰᠠᠪᠤᠷᠢ ᠣᠷᠣᠭᠤᠯᠵᠤ ᠪᠠᠶᠢᠨ᠎ᠠ᠂ ᠡᠭᠦᠨ ᠤ | ᠳᠣᠲᠣᠷᠠᠬᠢ ︽ᠣᠷᠣᠨ ᠰᠠᠭᠤᠴᠠ ᠶᠢᠨ ᠳᠠᠪᠬᠤᠷᠯᠢᠭ ᠤᠨ ᠥᠨᠳᠥᠷ ᠤᠨ ᠪᠠᠷᠢᠮᠵᠢᠶ᠎ᠠ ᠶᠢ 3 ᠮᠧᠲᠷ ᠠᠴᠠ ᠳᠣᠣᠷ᠎ᠠ | ᠪᠠᠶᠢᠯᠭᠠᠵᠤ ᠪᠤᠯᠬᠤ ᠦᠭᠡᠢ︾ ᠭᠡᠳᠡᠭ ᠨᠢ ᠰᠦᠯᠵᠢᠶᠡᠨ ᠨᠠᠶᠢᠵᠠ ᠨᠠᠷ ᠤᠨ ᠮᠠᠭᠲᠠᠭᠠᠯ ᠰᠠᠶᠢᠰᠢᠶᠠᠯ ᠢ ᠣᠯᠵᠤ ᠪᠠᠶᠢᠨ᠎ᠠ᠃ | ᠥᠩᠭᠡᠷᠡᠭᠰᠡᠨ ᠳᠤ᠂ ᠮᠠᠰᠢ ᠣᠯᠠᠨ ᠭᠡᠷ ᠪᠠᠶᠢᠰᠢᠩ ᠤᠨ ᠳᠠᠪᠬᠤᠷᠯᠢᠭ ᠤᠨ ᠥᠨᠳᠥᠷ ᠨᠢ ᠵᠥᠪᠬᠡᠨ 2.6 ᠮᠧᠲᠷ᠂ 2.7 | ᠮᠧᠲᠷ ᠪᠠᠶᠢᠵᠤ᠂ ᠡᠭᠦᠨ ᠤ ᠳᠡᠭᠡᠷ᠎ᠡ ᠰᠡᠭᠦᠯᠴᠢ ᠶᠢᠨ ᠬᠤᠭᠤᠴᠠᠭᠠᠨ ᠤ ᠵᠠᠰᠠᠵᠤ ᠴᠢᠮᠡᠭᠯᠡᠭᠰᠡᠨ ᠠᠴᠠ ᠣᠷᠣᠨ ᠵᠠᠢ ᠨᠢ | ᠨᠠᠩ ᠢᠪᠴᠤᠤ ᠪᠣᠯᠣᠨ᠎ᠠ᠃ ᠳᠠᠪᠬᠤᠷᠯᠢᠭ ᠤᠨ ᠥᠨᠳᠥᠷ ᠢ ᠨᠡᠮᠡᠭᠳᠡᠭᠦᠯᠬᠦ ᠨᠢ ᠣᠷᠣᠨ ᠰᠠᠭᠤᠴᠠ ᠶᠢᠨ ᠰᠠᠯᠬᠢ | ᠨᠡᠪᠲᠡᠷᠡᠬᠦ᠂ ᠬᠡᠷᠡᠯ ᠲᠤᠰᠤᠯᠲᠠ ᠳᠤ ᠠᠰᠢᠭᠲᠠᠢ ᠪᠥᠭᠡᠳ ᠠᠭᠠᠷ ᠨᠡᠪᠲᠡᠷᠡᠭᠦᠯᠬᠦ ᠰᠢᠰᠲ᠋ᠧᠮ᠂ ᠲᠤᠯᠠᠭᠠᠯᠭ᠎ᠠ ᠶᠢᠨ | ᠲᠥᠬᠦᠭᠡᠷᠦᠮᠵᠢ ᠵᠡᠷᠭᠡ ᠲᠥᠬᠦᠭᠡᠷᠦᠮᠵᠢ ᠶᠢ ᠤᠭᠰᠠᠷᠠᠬᠤ ᠳᠤ ᠴᠤ ᠲᠥᠬᠦᠮ ᠪᠠᠶᠢᠵᠤ᠂ ᠣᠷᠣᠨ ᠰᠠᠭᠤᠴᠠ ᠶᠢ ᠨᠠᠩ | ᠲᠠᠭᠠᠯᠠᠮᠵᠢᠲᠠᠢ ᠪᠣᠯᠭᠠᠳᠠᠭ᠃ | | | ᠪᠠᠰᠠ ᠵᠢᠱᠢᠶᠡᠯᠡᠪᠡᠯ᠂ ᠵᠠᠷᠢᠮ ᠭᠠᠵᠠᠷ ᠣᠷᠣᠨ ᠤ ᠬᠢᠨ ︽ᠰᠠᠶᠢᠨ ᠭᠡᠷ ᠪᠠᠶᠢᠰᠢᠩ︾ ᠳᠤ ᠴᠢᠭᠯᠡᠭᠦᠯᠦᠨ | ᠮᠡᠷᠭᠡᠵᠢᠯ ᠤᠨ ᠭᠤᠣᠯᠳᠠᠯᠭ᠎ᠠ ᠪᠠᠨ ᠲᠣᠭᠲᠠᠭᠠᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠬᠥᠷᠰᠢ | ᠵᠡᠷᠭᠡᠯᠡᠳᠡᠭᠡ ᠪᠠᠷ ᠢᠶᠠᠨ ᠬᠠᠮᠲᠤ ᠪᠠᠷ ᠡᠳ᠋ᠯᠡᠬᠦ ᠣᠯᠠᠨ ᠨᠡᠶᠢᠲᠡ ᠶᠢᠨ ᠣᠷᠣᠨ ᠵᠠᠢ᠂ ᠰᠠᠯᠬᠢ ᠪᠣᠷᠣᠭᠠᠨ ᠢ ᠳᠠᠯᠳᠠᠯᠠᠬᠤ | ᠬᠤᠩᠭᠢᠯ ᠵᠡᠷᠭᠡ ᠶᠢ ᠪᠠᠭᠲᠠᠭᠠᠮᠵᠢ ᠶᠢᠨ ᠨᠣᠷᠮ᠎ᠠ ᠳᠤ ᠪᠤᠳᠤᠵᠤ ᠣᠷᠣᠭᠤᠯᠬᠤ ᠦᠭᠡᠢ᠂ ᠣᠯᠠᠨ ᠨᠡᠶᠢᠲᠡ ᠶᠢᠨ | ᠦᠢᠯᠡᠴᠢᠯᠡᠭᠡᠨ ᠤ ᠴᠢᠳᠠᠮᠵᠢ ᠶᠢ ᠨᠥᠬᠦᠪᠦᠷᠢᠯᠡᠵᠦ᠂ ᠣᠯᠠᠨ ᠶᠠᠩᠵᠤ ᠶᠢᠨ ᠠᠮᠢᠳᠤᠷᠠᠯ ᠤᠨ ᠠᠬᠤᠢ ᠪᠠᠶᠢᠳᠠᠯ ᠢ ᠪᠣᠶ | ᠪᠣᠯᠭᠠᠵᠤ ᠪᠠᠶᠢᠨ᠎ᠠ᠃ | | | ︽ᠰᠠᠶᠢᠨ ᠭᠡᠷ ᠪᠠᠶᠢᠰᠢᠩ︾ ᠢ ᠬᠡᠵᠢᠶ᠎ᠡ ᠠᠰᠢᠭᠯᠠᠯᠲᠠ ᠳᠤ ᠤᠷᠤᠭᠤᠯᠬᠤ ᠪᠤᠶ︖ | ᠪᠠᠲᠤᠯᠠᠭ᠎ᠠ ᠶᠢᠨ ᠣᠷᠣᠨ ᠰᠠᠭᠤᠴᠠ ᠶᠢ ᠶᠠᠭ ᠪᠠᠶᠢᠭᠤᠯᠵᠤ ᠪᠠᠶᠢᠨ᠎ᠠ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ | ᠨᠢ᠂ ᠡᠯ᠎ᠡ ᠭᠠᠵᠠᠷ ᠤᠨ ᠬᠢᠨ ᠶᠠᠭᠤᠨ ᠤ ᠤᠷᠢᠳ ᠪᠠᠲᠤᠯᠠᠭ᠎ᠠ ᠶᠢᠨ ᠣᠷᠣᠨ ᠰᠠᠭᠤᠴᠠ ᠪᠠᠨ ︽ᠰᠠᠶᠢᠨ ᠭᠡᠷ ᠪᠠᠶᠢᠰᠢᠩ︾ | ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠣᠳᠣᠬᠠᠨ ᠳᠤ᠂ ᠴᠥᠭᠡᠨ ᠪᠤᠰᠤ ᠭᠠᠵᠠᠷ ᠣᠷᠣᠨ ᠤ ᠬᠢᠨ | ᠪᠠᠲᠤᠯᠠᠭ᠎ᠠ ᠶᠢᠨ ᠣᠷᠣᠨ ᠰᠠᠭᠤᠴᠠ ᠶᠢ ᠵᠠᠮ ᠬᠠᠷᠢᠯᠴᠠᠭ᠎ᠠ ᠲᠥᠬᠦᠮ᠂ ᠣᠯᠠᠨ ᠨᠡᠶᠢᠲᠡ ᠶᠢᠨ ᠲᠥᠬᠦᠭᠡᠷᠦᠮᠵᠢ ᠨᠡᠯᠢᠶᠡᠳ | ᠪᠦᠷᠢᠨ ᠣᠷᠣᠨ ᠪᠦᠰᠡ ᠳᠤ ᠲᠣᠬᠢᠷᠠᠭᠤᠯᠵᠤ᠂ ᠭᠡᠷ ᠳᠣᠲᠣᠷᠠᠬᠢ ᠭᠡᠷ ᠤᠨ ᠡᠳ᠋ᠯᠡᠯ ᠬᠡᠷᠡᠭᠰᠡᠯ ᠪᠠ ᠭᠡᠷ ᠤᠨ ᠴᠠᠬᠢᠯᠭᠠᠨ | ᠬᠡᠷᠡᠭᠰᠡᠯ ᠴᠥᠮ ᠪᠦᠷᠢᠨ᠂ ᠵᠠᠰᠠᠵᠤ ᠴᠢᠮᠡᠭᠯᠡᠬᠦ ᠮᠠᠲ᠋ᠧᠷᠢᠶᠠᠯ ᠨᠢ ᠠᠮᠤᠷ ᠲᠦᠪᠰᠢᠨ ᠪᠥᠭᠡᠳ ᠣᠷᠴᠢᠨ ᠠᠬᠤᠢ ᠶᠢ | ᠬᠠᠮᠠᠭᠠᠯᠠᠵᠤ᠂ ᠦᠨ᠎ᠡ ᠬᠠᠩᠰᠢ ᠨᠢ ᠡᠷᠬᠢᠨ ᠲᠣᠭᠤᠷᠢᠨ ᠤ ᠠᠳᠠᠯᠢ ᠴᠢᠨᠠᠷ ᠴᠢᠨᠰᠠᠭ᠎ᠠ ᠲᠠᠢ ᠣᠷᠣᠨ ᠰᠠᠭᠤᠴᠠ ᠠᠴᠠ | ᠨᠠᠩ ᠢᠯᠡᠭᠦᠦ ᠬᠠᠷᠠᠭᠠᠯᠵᠠᠯ ᠲᠠᠢ ᠪᠠᠶᠢᠳᠠᠭ᠂ ᠡᠨᠡ ᠨᠢ ᠳᠠᠷᠤᠢ ᠬᠤᠲᠠ ᠳᠤ ᠠᠵᠢᠯᠯᠠᠵᠤ ᠠᠮᠢᠳᠤᠷᠠᠵᠤ ᠲᠡᠮᠡᠴᠡᠵᠦ | ᠪᠠᠶᠢᠭ᠎ᠠ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠬᠠᠮᠲᠤᠯᠢᠭ ᠢ ᠠᠮᠤᠷ ᠲᠠᠶᠢᠪᠤᠩ ᠠᠵᠤ | ᠲᠥᠷᠥᠭᠦᠯᠬᠦ ᠶᠢᠨ ᠲᠥᠯᠥᠭᠡ ᠶᠤᠮ᠃ | | | ᠬᠠᠭᠤᠴᠢᠨ ᠣᠷᠣᠨ ᠰᠠᠭᠤᠴᠠ ᠶᠢᠨ ᠲᠣᠭᠤᠷᠢᠭ ᠢ ᠶᠠᠭ ᠥᠭᠡᠷᠡᠴᠢᠯᠡᠵᠦ ᠪᠠᠶᠢᠨ᠎ᠠ᠃ ︽ᠰᠠᠶᠢᠨ ᠭᠡᠷ ᠪᠠᠶᠢᠰᠢᠩ︾ | ᠨᠢ ᠰᠢᠨ᠎ᠡ ᠭᠡᠷ ᠪᠠᠶᠢᠰᠢᠩ ᠪᠢᠰᠢ ᠪᠠᠶᠢᠵᠤ ᠮᠡᠳᠡᠨ᠎ᠡ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠥᠭᠡᠷᠡᠴᠢᠯᠡᠪᠡᠯ᠂ ᠨᠡᠩ ᠣᠯᠠᠨ ᠬᠠᠭᠤᠴᠢᠨ ᠭᠡᠷ ᠪᠠᠶᠢᠰᠢᠩ ᠨᠢ ︽ᠰᠠᠶᠢᠨ ᠭᠡᠷ ᠪᠠᠶᠢᠰᠢᠩ︾ ᠪᠣᠯᠵᠤ ᠬᠤᠪᠢᠷᠠᠬᠤ | ᠪᠣᠯᠣᠨ᠎ᠠ᠃ ᠬᠤᠲᠠ ᠶᠢᠨ ᠰᠢᠨᠡᠴᠢᠯᠡᠯᠲᠡ ᠨᠢ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ | ᠦᠢᠯᠡᠳᠦᠯᠭᠡ ᠬᠠᠩᠭᠠᠵᠤ᠂ ᠬᠠᠭᠤᠴᠢᠨ ᠣᠷᠣᠨ ᠰᠠᠭᠤᠴᠠ ᠶᠢᠨ ᠲᠣᠭᠤᠷᠢᠭ ᠤᠨ ᠣᠷᠴᠢᠨ ᠲᠣᠭᠤᠷᠢᠨ᠂ ᠠᠰᠠᠷ ᠤᠨ | ᠬᠤᠩᠭᠢᠯ᠂ ᠭᠠᠳᠠᠷ ᠲᠠᠯ᠎ᠠ ᠶᠢᠨ ᠥᠭᠡᠷᠡᠴᠢᠯᠡᠯᠲᠡ ᠠᠴᠠ ᠭᠡᠷ ᠳᠣᠲᠣᠷᠠᠬᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ | ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠬᠦ ᠬᠦᠷᠳᠡᠯ᠎ᠡ ᠬᠠᠮᠲᠤ ᠲᠤᠨᠢ ᠠᠬᠢᠭᠤᠯᠤᠨ᠎ᠠ᠃ ᠵᠢᠱᠢᠶᠡᠯᠡᠪᠡᠯ᠂ | ᠥᠷᠥᠭᠡᠨ ᠤ ᠬᠡᠯᠪᠡᠷᠢ ᠶᠢᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠬᠦ᠂ ᠭᠠᠯ ᠲᠣᠭᠤᠭᠠᠨ ᠭᠡᠷ ᠤᠨ ᠣᠷᠣᠨ ᠵᠠᠢ ᠶᠢ | ᠨᠡᠮᠡᠭᠳᠡᠭᠦᠯᠬᠦ᠂ ᠠᠳᠠᠯᠢ ᠳᠠᠪᠬᠤᠷᠭ᠎ᠠ ᠶᠢᠨ ᠤᠰᠤ ᠭᠠᠳᠠᠭᠰᠢᠯᠠᠭᠤᠯᠬᠤ ᠮᠡᠷᠭᠡᠵᠢᠯ ᠢ ᠬᠡᠷᠡᠭᠯᠡᠬᠦ᠂ ᠳᠡᠭᠡᠳᠦ ᠳᠣᠣᠷᠠᠳᠤ | ᠳᠠᠪᠬᠤᠷᠭ᠎ᠠ ᠶᠢᠨ ᠱᠤᠤᠭᠢᠶᠠᠨ ᠢ ᠪᠠᠭᠠᠰᠬᠠᠬᠤ᠂ ᠴᠠᠬᠢᠯᠭᠠᠨ ᠱᠠᠲᠤ ᠤᠭᠰᠠᠷᠠᠬᠤ᠂ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠲᠥᠬᠦᠭᠡᠷᠦᠮᠵᠢ ᠶᠢ ᠨᠡᠮᠡᠵᠦ ᠨᠥᠬᠦᠪᠦᠷᠢᠯᠡᠬᠦ ᠵᠡᠷᠭᠡ ᠪᠣᠯᠣᠨ᠎ᠠ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠢᠯᠡᠷᠬᠡᠶᠢᠯᠡᠬᠦ ᠳᠡᠭᠡᠨ᠂ 2000 ᠣᠨ ᠠᠴᠠ ᠡᠮᠦᠨ᠎ᠡ | ᠪᠠᠶᠢᠭᠤᠯᠤᠭᠰᠠᠨ ᠬᠤᠲᠠ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠥᠮ ᠥᠭᠡᠷᠡᠴᠢᠯᠡᠬᠦ | ᠬᠡᠪᠴᠢᠶᠡᠨ ᠳᠤ ᠣᠷᠣᠭᠤᠯᠵᠤ᠂ ᠣᠷᠣᠨ ᠵᠠᠢ ᠥᠷᠭᠡᠳᠬᠡᠨ᠎ᠡ ᠭᠡᠵᠡᠢ ᠃ | | | ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠬᠤ ᠨᠢ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ | ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠵᠡᠷᠭᠡ ᠤᠯᠠᠨ ᠠᠷᠪᠢᠨ ᠠᠰᠢᠭᠲᠠᠢ ᠲᠠᠯ᠎ᠠ ᠪᠠᠶᠢᠨ᠎ᠠ᠃ | ᠤᠷᠢᠳᠠᠪᠠᠷ ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠢ ᠪᠠᠳᠠᠷᠠᠭᠤᠯᠬᠤ ᠲᠠᠯ᠎ᠠ ᠪᠠᠷ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ | ᠭᠠᠷᠤᠭᠰᠠᠨ ᠠᠬᠤᠢ ᠪᠠᠶᠢᠳᠠᠯ ᠳᠣᠣᠷ᠎ᠠ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠴᠢᠨᠠᠷ ᠰᠠᠶᠢᠲᠠᠢ ᠬᠠᠩᠭᠠᠯᠭ᠎ᠠ ᠶᠢ ᠨᠡᠮᠡᠭᠳᠡᠭᠦᠯᠪᠡᠯ᠂ ᠨᠠᠩ ᠣᠯᠠᠨ ᠰᠠᠶᠢᠵᠢᠷᠠᠭᠤᠯᠤᠯᠲᠠ ᠶᠢᠨ ᠴᠢᠨᠠᠷᠲᠠᠢ | ᠬᠡᠷᠡᠭᠴᠡᠭᠡ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠳᠠᠶᠢᠴᠢᠯᠠᠨ᠂ ᠣᠷᠣᠨ ᠰᠠᠭᠤᠴᠠ ᠶᠢᠨ ᠬᠡᠷᠡᠭᠯᠡᠭᠡ ᠶᠢ | ᠬᠥᠭᠵᠢᠭᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠤᠯᠠᠮ ᠨᠢᠭᠡ ᠠᠯᠬᠤᠮ | ᠲᠣᠭᠲᠠᠪᠤᠷᠢᠵᠢᠬᠤ ᠶᠢ ᠲᠦᠯᠬᠢᠨ ᠠᠬᠢᠭᠤᠯᠬᠤ ᠪᠣᠯᠣᠨ᠎ᠠ᠃ ᠡᠭᠦᠨ ᠢᠶᠠᠷ ᠪᠠᠷᠠᠬᠤ ᠦᠭᠡᠢ᠂ ︽ᠰᠠᠶᠢᠨ ᠭᠡᠷ ᠪᠠᠶᠢᠰᠢᠩ︾ | ᠤᠨ ᠪᠦᠲᠦᠭᠡᠨ ᠪᠠᠶᠢᠭᠤᠯᠤᠯᠲᠠ ᠨᠢ ᠶᠡᠭᠡ ᠬᠡᠮᠵᠢᠶᠡᠨ ᠤ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ | ᠨᠠᠰᠤᠵᠢᠯ ᠳᠤ ᠲᠣᠬᠢᠷᠠᠬᠤ ᠥᠭᠡᠷᠡᠴᠢᠯᠡᠨ ᠵᠠᠰᠠᠬᠤ ᠵᠡᠷᠭᠡ ᠵᠠᠰᠠᠯ ᠴᠢᠮᠡᠭᠯᠡᠯ ᠤᠨ ᠬᠡᠷᠡᠭᠴᠡᠭᠡ ᠶᠢ ᠪᠣᠶ ᠪᠣᠯᠭᠠᠵᠤ᠂ | ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠪᠣᠯᠣᠨ᠎ᠠ᠃ | | | ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠪᠠᠷᠢᠯᠭ᠎ᠠ ᠶᠢᠨ ᠦᠢᠯᠡᠰ ᠪᠣᠯ ᠤᠯᠤᠰ ᠠᠷᠠᠳ ᠤᠨ ᠠᠵᠤ | ᠠᠬᠤᠢ ᠶᠢᠨ ᠴᠢᠬᠤᠯᠠ ᠲᠤᠯᠭᠠᠭᠤᠷᠢ ᠠᠵᠤ ᠦᠢᠯᠡᠰ ᠮᠥᠨ᠂ ᠠᠵᠤ ᠦᠢᠯᠡᠰ ᠤᠨ ᠬᠡᠯᠬᠢᠶ᠎ᠡ ᠨᠢ ᠤᠷᠳᠤ᠂ | ᠬᠤᠯᠪᠣᠭᠳᠠᠬᠤ ᠬᠡᠪᠴᠢᠶ᠎ᠡ ᠨᠢ ᠥᠷᠭᠡᠨ᠂ ᠬᠡᠮᠵᠢᠶ᠎ᠡ ᠨᠢ ᠶᠡᠭᠡ ᠪᠠᠶᠢᠳᠠᠭ᠃ ︽ᠰᠠᠶᠢᠨ ᠭᠡᠷ ᠪᠠᠶᠢᠰᠢᠩ︾ ᠤᠨ ᠪᠦᠲᠦᠭᠡᠨ | ᠪᠠᠶᠢᠭᠤᠯᠤᠯᠲᠠ ᠨᠢ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠡᠷᠡᠭᠯᠡᠬᠦ᠂ ᠦᠢᠯᠡᠴᠢᠯᠡᠬᠦ ᠵᠡᠷᠭᠡ ᠡᠯ᠎ᠡ ᠭᠤᠭᠴᠤᠭ᠎ᠠ ᠶᠢ | ᠬᠠᠮᠤᠷᠴᠤ᠂ ᠦᠢᠯᠡᠳᠬᠦᠨ ᠤ ᠰᠢᠰᠲ᠋ᠧᠮᠵᠢ ᠪᠠ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ ᠪᠦᠲᠦᠮᠵᠢᠲᠡᠶ | ᠲᠦᠯᠬᠢᠨ ᠠᠬᠢᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠥᠭᠵᠢᠯᠲᠡ ᠶᠢ ᠬᠦᠴᠦᠲᠡᠢ | ᠳᠠᠶᠢᠴᠢᠯᠠᠵᠤ ᠴᠢᠳᠠᠨ᠎ᠠ᠃ ᠳᠤᠯᠠᠭᠠᠨ ᠢ ᠬᠠᠮᠠᠭᠠᠯᠠᠬᠤ᠂ ᠤᠰᠤ ᠶᠢ ᠰᠡᠷᠭᠡᠶᠢᠯᠡᠬᠦ ᠥᠨᠳᠥᠷ ᠴᠢᠳᠠᠪᠬᠢᠲᠤ ᠮᠠᠲ᠋ᠧᠷᠢᠶᠠᠯ᠂ | ᠪᠠᠷᠢᠯᠭ᠎ᠠ ᠶᠢᠨ ᠬᠤᠭᠤᠴᠠᠭ᠎ᠠ ᠶᠢ ᠪᠣᠭᠤᠨᠢᠰᠬᠠᠬᠤ᠂ ᠠᠷᠠᠴᠢᠯᠠᠨ ᠬᠠᠮᠠᠭᠠᠯᠠᠬᠤ ᠳᠤ ᠲᠦᠭᠦᠮ ᠤᠭᠰᠠᠷᠠᠮᠠᠯ ᠮᠠᠶ᠋ᠢᠭ ᠤᠨ | ᠵᠠᠰᠠᠯ ᠴᠢᠮᠡᠭᠯᠡᠯ᠂ ᠭᠡᠷ ᠳᠣᠲᠣᠷᠠᠬᠢ ᠣᠷᠴᠢᠨ ᠲᠣᠭᠤᠷᠢᠨ ᠢ ᠠᠦ᠋ᠲ᠋ᠣ᠋ ᠵᠣᠬᠢᠴᠠᠭᠤᠯᠬᠤ ᠣᠶᠤᠨᠴᠢ ᠭᠡᠷ ᠤᠨ ᠬᠡᠷᠡᠭᠰᠡᠯ᠂ | ᠠᠷᠠᠳ ᠲᠤ ᠲᠦᠭᠦᠮ ᠦᠵᠡᠭᠦᠯᠬᠦ ᠨᠣᠭᠤᠭ᠎ᠠ ᠶᠢᠨ ᠳᠡᠯᠭᠡᠭᠦᠷ᠂ ᠬᠡᠦᠬᠡᠳ ᠰᠠᠭᠠᠲᠠᠭᠤᠯᠬᠤ ᠭᠠᠵᠠᠷ᠂ ᠠᠷᠢᠭᠤᠨ ᠴᠡᠪᠡᠷ ᠢ | ᠬᠠᠮᠠᠭᠠᠯᠠᠬᠤ ᠰᠡᠯᠪᠢᠨ ᠵᠠᠰᠠᠬᠤ ᠵᠡᠷᠭᠡ ᠢᠵᠢ ᠪᠦᠷᠢᠳᠦᠭᠰᠡᠨ ᠦᠢᠯᠡᠴᠢᠯᠡᠭᠡ ᠨᠢ ᠴᠥᠮ ᠠᠵᠤ ᠠᠬᠤᠢ ᠶᠢᠨ ᠨᠡᠮᠡᠭᠳᠡᠯ ᠢ | ᠳᠠᠶᠢᠴᠢᠯᠠᠬᠤ ᠰᠢᠨ᠎ᠡ ᠬᠥᠳᠡᠯᠭᠡᠬᠦ ᠬᠦᠴᠦᠨ ᠪᠣᠯᠬᠤ ᠶᠤᠮ᠃ | | | ︽ᠥᠷᠢ ᠥᠭᠴᠡᠭᠡ ᠶᠡᠬᠡᠲᠡᠢ᠂ ᠬᠥᠰᠢᠭᠦᠷᠭᠡ ᠶᠡᠬᠡᠲᠡᠢ᠂ ᠡᠷᠭᠢᠯᠲᠡ ᠶᠡᠬᠡᠲᠡᠢ︾ ᠵᠠᠭᠪᠤᠷ ᠠᠴᠠ ᠨᠢᠭᠡᠨᠲᠡ | ᠠᠩᠭᠢᠵᠢᠷᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠳᠤ ᠠᠪᠴᠤ ᠬᠡᠯᠡᠪᠡᠯ᠂ ︽ᠰᠠᠶᠢᠨ ᠭᠡᠷ | ᠪᠠᠶᠢᠰᠢᠩ︾ ᠢ ᠪᠦᠲᠦᠭᠡᠨ ᠪᠠᠶᠢᠭᠤᠯᠬᠤ ᠨᠢ ᠴᠦ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠵᠦ᠂ ᠠᠵᠤ | ᠠᠬᠤᠶᠢᠯᠠᠯ ᠤᠨ ᠨᠠᠩ ᠥᠨᠳᠥᠷ ᠶᠠᠰᠤ ᠴᠢᠨᠠᠷ᠂ ᠰᠢᠨ᠎ᠡ ᠰᠢᠨᠵᠢᠯᠡᠬᠦ ᠤᠬᠠᠭᠠᠨ ᠮᠡᠷᠭᠡᠵᠢᠯ᠂ ᠰᠠᠶᠢᠨ ᠦᠢᠯᠡᠴᠢᠯᠡᠭᠡ ᠶᠢ | ᠬᠥᠭᠡᠭᠡᠴᠡᠯᠳᠦᠬᠦ ︽ᠰᠢᠨ᠎ᠡ ᠤᠷᠤᠯᠳᠤᠭᠠᠨ ᠤ ᠵᠠᠮ︾ ᠳᠠᠰᠢ ᠰᠢᠯᠵᠢᠬᠦ ᠶᠢ ᠠᠬᠢᠭᠤᠯᠬᠤ ᠪᠣᠯᠣᠨ᠎ᠠ᠃ | | | ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠬᠤ ᠳᠤ᠂ ᠵᠢᠷᠤᠭ ᠲᠥᠯᠥᠪᠯᠡᠭᠡ᠂ ᠮᠠᠲ᠋ᠧᠷᠢᠶᠠᠯ᠂ ᠪᠦᠲᠦᠭᠡᠨ | ᠪᠠᠶᠢᠭᠤᠯᠬᠤ᠂ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠂ ᠡᠨᠡ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ | ᠪᠣᠯᠬᠤᠷ ᠨᠡᠶᠢᠭᠡᠮ ᠤᠨ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠵᠤ᠂ ᠬᠠᠮᠲᠤ ᠪᠠᠷ ᠴᠢᠷᠮᠠᠶᠢᠬᠤ ᠴᠢᠬᠤᠯᠠᠲᠠᠢ᠃ | ᠪᠠᠷᠢᠯᠭ᠎ᠠ ᠶᠢᠨ ᠦᠢᠯᠡᠰ ᠤᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ ᠪᠣᠯᠣᠨ ᠪᠣᠬᠢᠷᠲᠤᠯ ᠦᠭᠡᠢ ᠲᠡᠰᠢ | ᠦᠷᠭᠦᠯᠵᠢᠯᠡᠨ ᠬᠤᠪᠢᠷᠠᠬᠤ ᠶᠢ ᠳᠠᠭᠠᠯᠳᠤᠨ᠂ ᠮᠠᠲ᠋ᠧᠷᠢᠶᠠᠯ᠂ ᠪᠦᠲᠦᠭᠡᠨ ᠪᠠᠶᠢᠭᠤᠯᠬᠤ ᠵᠡᠷᠭᠡ ᠭᠤᠭᠴᠤᠭ᠎ᠠ ᠨᠢ | ᠥᠪᠡᠷ ᠤᠨ ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠣᠮᠵᠢ ᠲᠠᠢ | ᠪᠣᠯᠵᠤ᠂ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢᠨ ᠥᠪᠡᠷ ᠤᠨ ᠦᠷᠳᠡᠭ ᠢ ᠶᠡᠬᠡᠪᠡᠷ | ᠪᠠᠭᠤᠷᠠᠭᠤᠯᠬᠤ ᠪᠣᠯᠣᠯᠴᠠᠭ᠎ᠠ ᠲᠠᠢ᠃ ᠡᠩ ᠤᠨ ᠭᠡᠷ ᠪᠦᠯᠢ ︽ᠰᠠᠶᠢᠨ ᠭᠡᠷ ᠪᠠᠶᠢᠰᠢᠩ︾ ᠳᠤ ᠰᠠᠭᠤᠬᠤ ᠨᠢ ᠲᠡᠶᠢᠮᠦ | ᠬᠤᠯᠠ ᠶᠢᠨ ᠶᠠᠪᠤᠳᠠᠯ ᠪᠢᠰᠢ᠃ | | | | | ᠢᠷᠡᠯᠲᠡ᠄ ᠠᠷᠠᠳ ᠤᠨ ᠡᠳᠦᠷ ᠤᠨ ᠰᠣᠨᠢᠨ |