| | ᠣᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠵᠤ᠂ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠤᠬᠠᠮᠰᠠᠷ ᠪᠠ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠣᠯᠠᠨ ᠲᠦᠮᠡᠨ ᠳᠤ ᠨᠠᠩ ᠴᠢᠨᠠᠷ | ᠰᠠᠶᠢᠲᠠᠢ᠂ ᠳᠥᠭᠦᠮ ᠳᠥᠲᠡ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠶᠢ ᠦᠨᠡᠨ ᠪᠣᠳᠠᠲᠠᠢ | ᠡᠳ᠋ᠯᠡᠭᠦᠯᠬᠦ ᠶᠢᠨ ᠲᠥᠯᠥᠭᠡ᠂ 4 ᠰᠠᠷ᠎ᠠ ᠶᠢᠨ 7 ᠤ ᠡᠳᠦᠷ᠂ ᠠᠷᠠᠳ ᠤᠨ ᠵᠠᠮ ᠵᠡᠭᠡᠯᠢ ᠭᠤᠳᠤᠮᠵᠢ ᠶᠢᠨ ᠱᠢ ᠴᠢ ᠨᠡᠶᠢᠭᠡᠮ | ᠲᠣᠭᠤᠷᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠲᠠᠢ ᠭᠠᠷ ᠬᠤᠯᠪᠣᠨ ︽ᠡᠷᠡᠭᠦᠯ ᠮᠡᠨᠳᠦ ᠶᠢ ᠬᠠᠮᠠᠭᠠᠯᠠᠨ ᠰᠠᠶᠢᠨ ᠳᠤᠷ᠎ᠠ ᠶᠢᠨ ᠦᠢᠯᠡᠴᠢᠯᠡᠭᠡ ᠪᠠᠷ ᠤᠮᠠᠷᠠᠲᠤ | ᠬᠢᠯᠢ ᠶᠢ ᠭᠡᠶᠢᠭᠦᠯᠬᠦ︾ ᠵᠢᠴᠢ 2025 ᠣᠨ ᠤ ᠳᠡᠯᠡᠬᠡᠢ ᠶᠢᠨ ᠡᠷᠡᠭᠦᠯ ᠬᠠᠮᠠᠭᠠᠯᠠᠯ ᠤᠨ ᠡᠳᠦᠷ ᠤᠨ ︽ᠡᠷᠡᠭᠦᠯ | ᠮᠡᠨᠳᠦ ᠶᠢᠨ ᠳᠡᠯᠭᠡᠴᠡ ᠪᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃ | | | | | ᠲᠣᠰ ᠤᠳᠠᠭᠠᠨ ᠤ ︽ᠡᠷᠡᠭᠦᠯ ᠮᠡᠨᠳᠦ ᠶᠢᠨ ᠳᠡᠯᠭᠡᠴᠡ︾ ᠶᠢᠨ ᠨᠡᠶᠢᠲᠡ ᠶᠢᠨ ᠠᠰᠠᠷᠠᠮᠵᠢ ᠶᠢᠨ ᠵᠢᠷᠤᠮ ᠤᠨ | ᠡᠮᠴᠢᠯᠡᠭᠡᠨ ᠤ ᠠᠵᠢᠯᠯᠠᠭ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ | ᠬᠤᠷᠢᠶ᠎ᠠ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ | ᠬᠢᠲᠠᠳ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠵᠡᠷᠭᠡ | ᠥᠪᠡᠷᠲᠡᠭᠡᠨ ᠵᠠᠰᠠᠬᠤ ᠣᠷᠣᠨ ᠤ ᠣᠯᠠᠨ ᠡᠮᠴᠢᠯᠡᠭᠡᠨ ᠤ ᠪᠠᠶᠢᠭᠤᠯᠤᠮᠵᠢ ᠶᠢᠨ ᠨᠠᠷᠠᠲᠤ ᠲᠤᠰᠬᠠᠢ ᠮᠡᠷᠭᠡᠵᠢᠯᠲᠡᠨ ᠢ | ᠲᠤᠰᠬᠠᠶᠢᠯᠠᠨ ᠤᠷᠢᠵᠤ ᠲᠤᠬᠠᠢ ᠶᠢᠨ ᠲᠠᠯᠠᠪᠤᠷ ᠲᠤ ᠠᠯᠪᠠᠨ ᠵᠢᠷᠤᠮ ᠤᠨ ᠡᠮᠴᠢᠯᠡᠭᠡ ᠬᠢᠯᠭᠡᠵᠦ᠂ ᠬᠢᠲᠠᠳ ᠡᠮᠨᠡᠯᠭᠡ᠂ | ᠮᠣᠩᠭᠤᠯ ᠡᠮᠨᠡᠯᠭᠡ᠂ ᠬᠡᠦᠬᠡᠳ ᠤᠨ ᠰᠠᠯᠠᠭ᠎ᠠ᠂ ᠡᠮᠡᠭᠲᠡᠢ ᠶᠢᠨ ᠰᠠᠯᠠᠭ᠎ᠠ᠂ ᠵᠢᠷᠦᠬᠡ ᠲᠠᠷᠢᠬᠢᠨ ᠤ ᠴᠢᠰᠤᠨ ᠰᠤᠳᠠᠯ᠂ | ᠰᠡᠳᠬᠢᠴᠡ ᠶᠢᠨ ᠡᠷᠡᠭᠦᠯ ᠮᠡᠨᠳᠦ᠂ ᠨᠠᠰᠤᠲᠠᠶᠢᠴᠤᠳ ᠤᠨ ᠤᠳᠠᠭᠠᠨ ᠴᠢᠨᠠᠷᠲᠠᠢ ᠡᠪᠡᠳᠴᠢᠨ ᠵᠡᠷᠭᠡ ᠪᠠᠶᠢᠩᠭᠤ | ᠲᠣᠬᠢᠶᠠᠯᠳᠤᠳᠠᠭ ᠡᠪᠡᠳᠴᠢᠨ ᠤ ᠠᠰᠠᠭᠤᠨ ᠯᠠᠪᠯᠠᠬᠤ ᠪᠠ ᠡᠮ ᠬᠡᠷᠡᠭᠯᠡᠬᠦ ᠵᠢᠯᠣᠭᠤᠳᠤᠯᠭ᠎ᠠ ᠵᠡᠷᠭᠡ᠃ ᠨᠡᠶᠢᠭᠡᠮ | ᠲᠣᠭᠤᠷᠢᠭ ᠪᠠᠰᠠ ᠰᠠᠭᠤᠭᠠᠯᠢ ᠠᠷᠠᠳ ᠤᠨ ᠠᠮᠢᠳᠤᠷᠠᠯ ᠳᠤ ᠣᠶᠢᠷᠠᠲᠤᠭᠰᠠᠨ ᠡᠷᠡᠭᠦᠯ ᠮᠡᠨᠳᠦ ᠶᠢᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠲᠣᠭᠤᠷᠢᠭ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠤᠨ ᠦᠢᠯᠡᠴᠢᠯᠡᠭᠡᠨ ᠤ | ᠲᠣᠭᠤᠷᠢᠭ ᠭᠠᠷᠭᠠᠵᠤ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠨ᠂ ᠴᠢᠨᠠᠷ ᠰᠠᠶᠢᠲᠠᠢ ᠳᠥᠭᠦᠮ | ᠳᠥᠲᠡ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠭᠤᠭᠠᠯᠢ ᠠᠷᠠᠳ ᠤᠨ ᠭᠡᠷ ᠤᠨ | ᠡᠭᠦᠳᠡᠨ ᠳᠤ ᠦᠨᠡᠨ ᠬᠦ ᠬᠦᠷᠭᠡᠪᠡ᠃ | | ᠲᠣᠰ ᠤᠳᠠᠭᠠᠨ ᠤ ︽ᠡᠷᠡᠭᠦᠯ ᠮᠡᠨᠳᠦ ᠶᠢᠨ ᠳᠡᠯᠭᠡᠴᠡ︾ ᠶᠢᠨ ᠠᠵᠢᠯᠯᠠᠭ᠎ᠠ ᠣᠯᠠᠨ ᠲᠦᠮᠡᠨ ᠤ ᠡᠷᠡᠭᠦᠯ | ᠮᠡᠨᠳᠦ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠠᠨᠠᠭᠠᠬᠤ ᠤᠬᠠᠭᠠᠨ ᠤ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨᠴᠢ ᠡᠷᠡᠭᠦᠯ ᠵᠦᠢ ᠵᠣᠬᠢᠰᠲᠠᠢ ᠠᠮᠢᠳᠤᠷᠠᠯ ᠤᠨ ᠠᠷᠭ᠎ᠠ ᠮᠠᠶ᠋ᠢᠭ ᠢ | ᠰᠠᠨᠠᠭᠠᠴᠢᠯᠠᠵᠤ᠂ ᠡᠷᠡᠭᠦᠯ ᠮᠡᠨᠳᠦ ᠶᠢᠨ ᠮᠡᠳᠡᠯᠭᠡ ᠶᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠵᠠᠢ᠃ | ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠣᠯᠠᠨ ᠲᠠᠯ᠎ᠠ ᠶᠢᠨ ᠡᠬᠢ ᠪᠠᠶᠠᠯᠢᠭ ᠢ ᠦᠷᠭᠦᠯᠵᠢᠯᠡᠨ ᠬᠤᠯᠪᠣᠵᠤ᠂ | ᠦᠢᠯᠡᠴᠢᠯᠡᠭᠡᠨ ᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠣᠯᠠᠨ | ᠲᠦᠮᠡᠨ ᠤ ᠳᠡᠷᠭᠡᠳᠡ ᠬᠦᠷᠭᠡᠵᠦ᠂ ᠣᠳᠣᠬᠠᠨ ᠤ ᠰᠢᠨᠵᠢᠯᠡᠬᠦ ᠤᠬᠠᠭᠠᠨᠴᠢ ᠪᠠᠷ ᠥᠭᠡᠬᠦ ᠪᠠᠭᠠᠰᠬᠠᠬᠤ᠂ ᠵᠦᠢ ᠵᠣᠬᠢᠰᠲᠠᠢ | ᠢᠳᠡᠭᠡᠨ ᠤᠮᠳᠠᠭᠠᠨ ᠵᠡᠷᠭᠡ ᠶᠢᠨ ᠡᠷᠡᠭᠦᠯ ᠮᠡᠨᠳᠦ ᠶᠢ ᠰᠠᠨᠠᠭᠠᠴᠢᠯᠠᠬᠤ ᠲᠠᠢ ᠤᠶᠠᠯᠳᠤᠭᠤᠯᠤᠨ᠂ ᠪᠡᠶ᠎ᠡ ᠶᠢᠨ ᠬᠦᠨᠳᠦ ᠶᠢᠨ | ᠬᠠᠮᠢᠶᠠᠷᠤᠯᠲᠠ᠂ ᠲᠠᠮᠢᠷ ᠤᠨ ᠬᠥᠳᠡᠯᠭᠡᠭᠡᠨ ᠢᠶᠠᠷ ᠪᠡᠶ᠎ᠡ ᠴᠢᠭᠢᠷᠠᠭᠵᠢᠭᠤᠯᠬᠤ ᠵᠡᠷᠭᠡ ᠬᠡᠷᠡᠭᠯᠡᠭᠡᠨ ᠤ ᠮᠡᠳᠡᠯᠭᠡ ᠶᠢ | ᠲᠦᠭᠡᠮᠡᠯᠵᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠡᠳᠦᠷ ᠲᠤᠲᠤᠮ ᠤᠨ ᠠᠮᠢᠳᠤᠷᠠᠯ ᠳᠤ | ᠠᠭᠤᠰᠬᠠᠵᠤ᠂ ᠰᠠᠭᠤᠭᠠᠯᠢ ᠠᠷᠠᠳ ᠲᠤ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢᠨ ᠤᠬᠠᠮᠰᠠᠷ ᠢ ᠪᠣᠶ | ᠪᠣᠯᠭᠠᠬᠤ ᠳᠤ ᠬᠦᠴᠦᠨ ᠨᠡᠮᠡᠷᠢᠯᠡᠨ᠎ᠡ᠃ | | | | ᠢᠷᠡᠯᠲᠡ ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |