ᠭᠦᠭᠡᠬᠤᠲᠠ ᠣᠶᠤᠨᠲᠤ ᠣᠷᠣᠰᠢᠭᠤᠯᠭ᠎ᠠ ᠶᠢ ᠬᠡᠷᠡᠭᠵᠢᠭᠦᠯᠵᠦ ᠪᠤᠢ
ᠨᠡᠶᠢᠲᠡᠯᠡᠭᠰᠡᠨ ᠴᠠᠭ᠄
2025/4/10
      ᠲᠦᠷᠦᠭᠦᠬᠡᠨ᠂ ᠰᠤᠷᠪᠤᠯᠵᠢᠯᠠᠬᠴᠢ ᠭᠦᠭᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠭᠦᠭᠡᠬᠤᠲᠠ ︽ᠢᠨᠲ᠋ᠧᠷ ᠰᠦᠯᠵᠢᠶ᠎ᠡ + ᠣᠷᠣᠰᠢᠭᠤᠯᠭ᠎ᠠ ᠶᠢᠨ ᠦᠢᠯᠡᠴᠢᠯᠡᠭᠡ︾ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠤᠯᠠᠨ ᠲᠦᠮᠡᠨ ᠳᠤ ᠲᠥᠭᠦᠮ ᠦᠵᠡᠭᠦᠯᠵᠦ᠂ ᠤᠯᠡᠨ ᠲᠦᠮᠡᠨ ᠳᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠵᠤ ᠪᠠᠶᠢᠨ᠎ᠠ᠃            ᠣᠷᠣᠰᠢᠭᠤᠯᠭ᠎ᠠ ᠶᠢᠨ ᠣᠶᠤᠨᠴᠢᠯᠠᠭᠰᠠᠨ ᠲᠠᠪᠴᠠᠩ ᠢ ᠠᠮᠵᠢᠯᠲᠠ ᠲᠠᠢ ᠪᠠᠶᠢᠭᠤᠯᠵᠤ᠂ 2024 ᠣᠨ ᠤ 7 ᠰᠠᠷ᠎ᠠ ᠠᠴᠠ ᠡᠬᠢᠯᠡᠨ ︽ᠭᠦᠭᠡᠬᠤᠲᠠ ᠶᠢᠨ ᠣᠷᠣᠰᠢᠭᠤᠯᠭ᠎ᠠ︾ ᠶᠢᠨ ᠲᠠᠪᠴᠠᠩ ᠢ ᠨᠠᠪᠲᠠᠷᠡᠭᠦᠯᠵᠦ᠂ ᠲᠦᠷᠦ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠵᠡᠷᠭᠡ ᠤᠯᠠᠨ ᠵᠦᠢᠯ ᠤᠨ ᠲᠤᠬᠠᠶᠢᠯᠠᠭᠰᠠᠨ ᠠᠵᠢᠯ ᠢ ᠵᠣᠬᠢᠶᠠᠨ ᠪᠠᠶᠢᠭᠤᠯᠵᠤ᠂ ᠨᠡᠶᠢᠳᠡ 5426 ᠭᠡᠷ ᠪᠦᠯᠢ ᠳᠤ ᠰᠦᠯᠵᠢᠶᠡᠨ ᠳᠡᠭᠡᠷᠡᠬᠢ  ᠦᠢᠯᠡᠴᠢᠯᠡᠭᠡ ᠬᠠᠩᠭᠠᠵᠠᠢ᠃            ᠵᠠᠩ ᠳᠠᠳᠬᠠᠯ ᠢ ᠥᠭᠡᠷᠡᠴᠢᠯᠡᠬᠦ ᠶᠢ ᠭᠦᠨᠵᠡᠭᠡᠢ ᠠᠬᠢᠭᠤᠯᠬᠤ ᠶᠢᠨ ᠲᠥᠯᠥᠭᠡ 2023 ᠣᠨ ᠠᠴᠠ ᠡᠬᠢᠯᠡᠨ ︽ᠭᠦᠭᠡᠬᠤᠲᠠ ᠶᠢᠨ ᠡᠭᠦᠯᠡᠨ ᠲᠠᠭᠢᠯᠭ᠎ᠠ︾  ᠶᠢᠨ ᠲᠠᠪᠴᠠᠩ ᠢ ᠨᠡᠭᠡᠭᠡᠵᠡᠢ᠃ ᠲᠠᠪᠴᠠᠩ ᠨᠢ ᠣᠯᠠᠨ ᠲᠦᠮᠡᠨ ᠳᠤ ᠳᠥᠭᠦᠮ ᠳᠥᠲᠡ ᠦᠵᠡᠭᠦᠯᠭᠦ ᠶᠢᠨ ᠬᠠᠮᠲᠤ ᠠᠮᠢ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠣᠷᠣᠰᠢᠭᠤᠯᠭ᠎ᠠ ᠶᠢᠨ ᠪᠦᠬᠦᠯᠢ ᠴᠣᠭᠴᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠪᠠ ᠲᠦᠪᠰᠢᠨ ᠢ ᠳᠡᠭᠡᠭᠰᠢᠯᠡᠭᠦᠯᠪᠡ᠃ ᠡᠨᠡ ᠵᠢᠯ ᠠᠴᠠ ᠨᠠᠭᠠᠰᠢ ︽ᠰᠦᠯᠵᠢᠶᠡᠨ ᠳᠡᠭᠡᠷᠡᠬᠢ ᠡᠭᠦᠯᠡᠨ ᠲᠠᠭᠢᠯᠭ᠎ᠠ︾ ᠳᠤ ᠠᠶᠢᠯᠴᠢᠯᠠᠬᠰᠠᠨ ᠬᠥᠮᠥᠨ ᠤ ᠲᠤᠭ᠎ᠠ 11684 ᠪᠠᠶᠢᠵᠤ᠂ ᠰᠦᠯᠵᠢᠶ᠎ᠡ ᠪᠠᠷ ᠳᠡᠮᠵᠢᠨ ᠨᠠᠰᠤ ᠨᠥᠭᠴᠢᠭᠰᠡᠳ ᠲᠡᠭᠡᠨ ᠴᠡᠴᠡᠭ ᠬᠦᠷᠭᠡᠬᠦ᠂ ᠬᠦᠵᠢ ᠪᠠᠷᠢᠬᠤ ᠲᠠᠭᠢᠯᠭ᠎ᠠ ᠶᠢᠨ ᠬᠡᠷᠡᠭᠴᠡᠭᠡ ᠶᠢ ᠬᠠᠩᠭᠠᠪᠠ᠃            ᠣᠷᠣᠰᠢᠭᠤᠯᠭ᠎ᠠ ᠶᠢᠨ ᠶᠣᠰᠣᠯᠠᠯ ᠤᠨ ᠦᠢᠯᠡᠴᠢᠯᠡᠭᠡᠨ ᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠶᠢᠨ ᠲᠥᠯᠥᠭᠡ 2024 ᠣᠨ ᠤ 7 ᠰᠠᠷ᠎ᠠ ᠳᠤ ︽96444︾ ᠣᠷᠣᠰᠢᠭᠤᠯᠭ᠎ᠠ ᠶᠢᠨ ᠦᠢᠯᠡᠴᠢᠯᠡᠭᠡᠨ ᠤ ᠲᠤᠰᠬᠠᠢ ᠤᠲᠠᠰᠤ ᠶᠢ ᠨᠠᠪᠲᠠᠷᠡᠭᠦᠯᠵᠦ᠂ ᠪᠦᠬᠦᠯᠢ ᠡᠳᠦᠷ ᠢᠶᠠᠷ ᠦᠢᠯᠡᠴᠢᠯᠡᠭᠡ ᠬᠠᠩᠭᠠᠵᠤ ᠪᠤᠢ᠃ ᠣᠯᠠᠨ ᠲᠦᠮᠡᠨ ᠲᠤᠰᠬᠠᠢ ᠤᠲᠠᠰᠤ ᠶᠢ ᠤᠲᠠᠰᠤᠳᠠᠪᠠᠯ ᠲᠤᠬᠠᠶᠢᠯᠠᠭᠰᠠᠨ ᠠᠵᠢᠯ ᠤᠨ ᠭᠠᠷᠳᠠᠮ ᠢ ᠬᠢᠵᠦ᠂ ᠠᠰᠠᠭᠤᠨ ᠯᠠᠪᠯᠠᠭ᠎ᠠ᠂ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠵᠡᠷᠭᠡ ᠶᠢ ᠭᠦᠢᠴᠡᠳᠬᠡᠵᠦ ᠪᠣᠯᠣᠨ᠎ᠠ᠃ ︽96444︾ ᠣᠷᠣᠰᠢᠭᠤᠯᠭ᠎ᠠ ᠶᠢᠨ ᠦᠢᠯᠡᠴᠢᠯᠡᠭᠡᠨ ᠤ ᠲᠤᠰᠬᠠᠢ ᠱᠤᠭᠤᠮ ᠢ ᠪᠦᠭᠦ ᠲᠠᠯ᠎ᠠ ᠪᠠᠷ ᠠᠰᠢᠭᠯᠠᠯᠲᠠ ᠳᠤ ᠣᠷᠣᠭᠤᠯᠤᠭᠰᠠᠨ ᠠᠴᠠ ᠨᠠᠭᠠᠰᠢ ᠨᠠᠶᠢᠳᠡ 5843 ᠬᠥᠮᠥᠨ ᠤᠳᠠᠭ᠎ᠠ ᠳᠤ ᠰᠦᠯᠵᠢᠶᠡᠨ ᠳᠡᠭᠡᠷᠡᠬᠢ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ ᠬᠠᠨᠤᠮᠵᠢ ᠶᠢᠨ ᠨᠣᠷᠮ᠎ᠠ 95% ᠠᠴᠠ ᠳᠡᠭᠡᠭᠰᠢ ᠳᠤ ᠬᠦᠷᠴᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号