| ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ | ᠬᠥᠬᠡᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠬᠠᠮᠲᠤᠷᠠᠨ ᠰᠤᠷᠭᠠᠭᠤᠯᠢ ᠡᠷᠬᠢᠯᠡᠭᠰᠡᠨ ᠪᠠᠶᠢᠳᠠᠯ ᠳᠤ ᠪᠠᠶᠢᠴᠠᠭᠠᠨ | ᠰᠤᠳᠤᠯᠤᠯᠲᠠ ᠬᠢᠪᠡ᠃ | | | ᠪᠡᠭᠡᠵᠢᠩ ᠤᠨ 101 ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ ᠰᠤᠷᠭᠠᠭᠤᠯᠢ᠂ ᠲᠥᠪ ᠤᠨ | ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ | ᠰᠤᠷᠭᠠᠭᠤᠯᠢ ᠵᠢᠴᠢ ᠪᠠᠭ᠎ᠠ ᠰᠤᠷᠭᠠᠭᠤᠯᠢ ᠶᠢᠨ ᠬᠡᠯᠲᠡᠰ ᠲᠤ᠂ ᠪᠣᠣ ᠭᠠᠩ ᠰᠤᠷᠭᠠᠭᠤᠯᠢ ᠶᠢᠨ ᠬᠦᠷᠢᠶᠡᠨ ᠤ ᠣᠷᠴᠢᠨ | ᠲᠣᠭᠤᠷᠢᠨ ᠤ ᠳᠡᠭᠡᠭᠰᠢᠯᠡᠯᠲᠡ᠂ ᠪᠠᠭᠰᠢ ᠶᠢᠨ ᠲᠣᠬᠢᠷᠠᠭᠤᠯᠤᠯᠲᠠ᠂ AI ᠵᠢᠭᠠᠨ ᠰᠤᠷᠭᠠᠯᠲᠠ᠂ ᠰᠤᠷᠤᠭᠴᠢ ᠶᠢᠨ ᠣᠷᠣᠨ | ᠲᠣᠭᠠᠨ ᠤ ᠬᠠᠩᠭᠠᠯᠭᠠᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠠᠷᠢᠶ᠎ᠠ ᠭᠠᠵᠠᠷ ᠢ ᠠᠵᠢᠯ ᠤᠨ ᠠᠬᠢᠴᠠ ᠪᠠᠨ | ᠲᠦᠷᠭᠡᠳᠬᠡᠵᠦ᠂ ᠲᠡᠷᠢᠭᠦᠨ ᠤ ᠪᠠᠷᠢᠮᠵᠢᠶ᠎ᠠ ᠪᠠᠷ᠂ ᠰᠤᠷᠤᠯᠴᠠᠬᠤ ᠪᠠ ᠵᠢᠭᠠᠨ ᠰᠤᠷᠭᠠᠯᠲᠠ ᠳᠤ ᠲᠣᠬᠢᠷᠠᠮᠵᠢᠲᠠᠢ ᠣᠷᠴᠢᠨ | ᠲᠣᠭᠤᠷᠢᠨ ᠢ ᠪᠤᠢ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠵᠢᠱᠢᠶ᠎ᠡ | ᠦᠵᠡᠭᠦᠯᠬᠦ ᠵᠠᠭᠪᠤᠷ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃ | | | ᠳᠠᠷᠠᠭ᠎ᠠ ᠨᠢ᠂ ᠪᠣᠣ ᠭᠠᠩ ᠬᠠᠮᠲᠤᠷᠠᠨ ᠰᠤᠷᠭᠠᠭᠤᠯᠢ ᠡᠷᠬᠢᠯᠡᠭᠰᠡᠨ ᠬᠡᠰᠡᠭ ᠰᠤᠷᠭᠠᠭᠤᠯᠢ ᠶᠢᠨ | ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠤᠯᠠᠨ ᠤ ᠬᠠᠮᠲᠤᠷᠠᠨ ᠰᠤᠷᠭᠠᠭᠤᠯᠢ ᠡᠷᠬᠢᠯᠡᠬᠦ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠢ ᠰᠠᠨᠠᠯ ᠰᠠᠨᠠᠭᠤᠯᠭ᠎ᠠ ᠶᠢ ᠰᠣᠨᠣᠰᠴᠤ᠂ ᠰᠤᠷᠭᠠᠭᠤᠯᠢ | ᠡᠷᠬᠢᠯᠡᠬᠦ ᠶᠢᠨ ᠬᠦᠴᠢᠷᠳᠡᠯ ᠢ ᠯᠠᠪᠯᠠᠨ ᠠᠰᠠᠭᠤᠪᠠ᠃ | | | ᠪᠣᠣ ᠭᠠᠩ ᠬᠡᠯᠡᠬᠦ ᠳᠡᠭᠡᠨ᠂ ᠣᠶᠢᠷ᠎ᠠ ᠶᠢᠨ ᠵᠢᠯ ᠤᠳ ᠲᠤ ᠬᠥᠬᠡᠬᠤᠲᠠ ᠣᠷᠣᠨ ᠪᠦᠰᠡ ᠶᠢᠨ ᠰᠤᠷᠭᠠᠨ | ᠬᠥᠮᠦᠵᠢᠯ ᠤᠨ ᠲᠥᠪ ᠢ ᠪᠠᠶᠢᠭᠤᠯᠬᠤ᠂ ᠰᠤᠷᠤᠯᠴᠠᠬᠤ ᠳᠤ ᠲᠣᠬᠢᠷᠠᠮᠵᠢᠲᠠᠢ ᠬᠤᠲᠠ ᠶᠢ ᠪᠠᠶᠢᠭᠤᠯᠬᠤ ᠶᠢᠨ | ᠲᠣᠭᠤᠷᠢᠨ ᠳᠤ᠂ ᠣᠷᠣᠨ ᠤ ᠭᠠᠳᠠᠨᠠᠬᠢ ᠨᠠᠷᠠᠲᠤ ᠰᠤᠷᠭᠠᠭᠤᠯᠢ ᠪᠠ ᠬᠥᠬᠡᠬᠤᠲᠠ ᠳᠤ ᠪᠠᠶᠢᠭ᠎ᠠ ᠶᠡᠭᠡ ᠳᠡᠭᠡᠳᠦ | ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠶᠢ ᠢᠳᠡᠪᠬᠢᠲᠡᠢ ᠠᠬᠢᠭᠤᠯᠵᠤ᠂ ᠪᠥᠬᠦ ᠬᠤᠲᠠ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃ | ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠬᠢᠨ ᠣᠷᠣᠨ ᠤ ᠲᠥᠪ ᠬᠤᠲᠠ ᠶᠢᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠪᠣᠯᠣᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠤᠯᠠᠮ ᠨᠢᠭᠡ | ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠤᠷᠭᠠᠨ | ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠠᠰᠢᠭᠲᠠᠢ ᠠᠵᠠ ᠲᠣᠬᠢᠶᠠᠯ ᠢ ᠰᠠᠶᠢᠲᠤᠷ ᠠᠰᠢᠭᠯᠠᠵᠤ᠂ | ᠨᠡᠩ ᠥᠨᠳᠥᠷ ᠪᠠᠷᠢᠮᠵᠢᠶ᠎ᠠ᠂ ᠨᠡᠩ ᠥᠷᠭᠡᠨ ᠬᠠᠷᠠᠭᠠᠰᠤ᠂ ᠨᠡᠩ ᠴᠢᠩᠭ᠎ᠠ ᠬᠠᠮᠲᠤᠷᠠᠯ ᠤᠨ ᠬᠦᠴᠦᠨ ᠢᠶᠠᠷ ᠬᠠᠮᠲᠤᠷᠠᠨ | ᠰᠤᠷᠭᠠᠭᠤᠯᠢ ᠡᠷᠬᠢᠯᠡᠬᠦ ᠶᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠭᠤᠣᠯ ᠰᠢᠵᠢᠮ ᠢ ᠰᠤᠷᠭᠠᠭᠤᠯᠢ ᠡᠷᠬᠢᠯᠡᠬᠦ ᠰᠤᠷᠭᠠᠭᠤᠯᠢ ᠶᠢ ᠵᠠᠰᠠᠬᠤ ᠪᠦᠬᠦ ᠶᠠᠪᠤᠴᠠ ᠳᠤ | ᠲᠤᠭᠤᠰᠢᠯᠠᠭᠤᠯᠬᠤ ᠬᠡᠷᠡᠭᠲᠡᠢ᠃ ᠪᠠᠲᠤᠯᠠᠭ᠎ᠠ ᠶᠢ ᠴᠢᠩᠭᠠᠳᠬᠠᠨ᠂ ᠰᠠᠶᠢᠲᠤᠷ ᠦᠢᠯᠡᠴᠢᠯᠡᠵᠦ᠂ ᠰᠤᠷᠭᠠᠭᠤᠯᠢ ᠣᠷᠣᠨ | ᠨᠤᠲᠤᠭ ᠤᠨ ᠬᠢᠨ ᠭᠠᠷ ᠬᠤᠯᠪᠣᠨ ᠣᠶᠢᠯᠠᠭᠠᠭᠳᠠᠬᠤᠨ ᠢ ᠬᠠᠷᠢᠯᠴᠠᠨ ᠠᠭᠤᠰᠤᠯᠴᠠᠭᠤᠯᠬᠤ᠂ ᠡᠬᠢ ᠪᠠᠶᠠᠯᠢᠭ ᠢ | ᠬᠠᠮᠲᠤ ᠪᠠᠷ ᠡᠳ᠋ᠯᠡᠬᠦ᠂ ᠬᠠᠮᠢᠶᠠᠷᠤᠯᠲᠠ ᠨᠡᠪᠲᠡᠷᠡᠯᠴᠡᠭᠡ ᠶᠢ ᠴᠢᠩᠭᠠᠳᠬᠠᠬᠤ᠂ ᠪᠠᠭᠰᠢ ᠶᠢᠨ ᠡᠩᠨᠡᠭᠡ ᠶᠢ ᠬᠠᠮᠲᠤ | ᠴᠣᠭᠴᠠᠯᠠᠬᠤ ᠰᠢᠨ᠎ᠡ ᠶᠢ ᠡᠭᠦᠳᠬᠦ ᠦᠢᠯᠡᠳᠦᠯᠭᠡ ᠶᠢ ᠵᠣᠷᠢᠭᠲᠠᠢ ᠰᠦᠪᠡᠭᠴᠢᠯᠡᠵᠦ᠂ ᠥᠪᠡᠷᠮᠢᠴᠡ ᠣᠨᠴᠠᠯᠢᠭ ᠲᠠᠢ | ᠲᠦᠷᠦᠯ ᠲᠡᠮᠳᠡᠭ ᠢ ᠡᠭᠦᠳᠬᠦ ᠬᠡᠷᠡᠭᠲᠡᠢ᠃ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ | ᠴᠢᠩᠭᠠᠳᠬᠠᠵᠤ᠂ ᠴᠢᠳᠠᠪᠤᠷᠢᠲᠠᠨ ᠢ ᠬᠥᠮᠥᠵᠢᠭᠦᠯᠬᠦ ᠰᠣᠯᠢᠯᠴᠠᠭ᠎ᠠ᠂ ᠬᠠᠮᠲᠤ ᠬᠢᠴᠢᠶᠡᠯ ᠨᠡᠭᠡᠭᠡᠬᠦ᠂ ᠬᠠᠮᠵᠢᠯᠴᠠᠨ | ᠬᠥᠭᠵᠢᠭᠦᠯᠬᠦ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠰᠤᠷᠭᠠᠭᠤᠯᠢ ᠶᠢᠨ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠦ ᠵᠢᠢ ᠶᠢᠩ᠂ ᠬᠤᠲᠠ ᠶᠢᠨ ᠳᠡᠳ᠋ ᠳᠠᠷᠤᠭ᠎ᠠ ᠹᠦ᠋ ᠶᠢᠨ ᠽᠠᠢ | ᠣᠷᠣᠯᠴᠠᠵᠠᠢ᠃ |