ᠭᠦᠭᠡᠬᠤᠳᠠ᠄ ︽1+3︾ ᠭᠡᠯᠪᠡᠷᠢ ᠪᠠᠷ ︽ᠰᠣᠳᠣᠨ ᠴᠢᠳᠠᠪᠤᠷᠢᠲᠠᠨ︾ ᠢ ᠡᠯᠰᠡᠵᠦ ᠬᠥᠮᠥᠵᠢᠭᠦᠯᠦᠨ᠎ᠡ
ᠨᠡᠶᠢᠲᠡᠯᠡᠭᠰᠡᠨ ᠴᠠᠭ᠄
2025/4/14
      ᠲᠦᠷᠦᠭᠦᠬᠡᠨ᠂ ᠭᠦᠭᠡᠬᠤᠳᠠ ᠶᠢᠨ 8 ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 2025 ᠣᠨ ᠤ ︽ᠰᠣᠳᠣᠨ ᠴᠢᠳᠠᠪᠤᠷᠢᠲᠠᠨ ᠬᠥᠮᠥᠵᠢᠭᠦᠯᠬᠦ ᠲᠥᠯᠥᠪᠯᠡᠭᠡ︾ ᠶᠢᠨ ︽1+3︾ ᠭᠡᠯᠪᠡᠷᠢ ᠪᠠᠷ ᠰᠤᠷᠤᠬᠴᠢ ᠡᠯᠰᠡᠨ ᠬᠥᠮᠥᠵᠢᠭᠦᠯᠬᠦ ᠲᠥᠰᠥᠯ ᠢ ᠨᠡᠶᠢᠲᠡᠯᠡᠵᠦ᠂ ᠰᠤᠷᠤᠬᠴᠢ ᠡᠯᠰᠡᠬᠦ ᠲᠤᠭ᠎ᠠ᠂ ᠨᠡᠷ᠎ᠡ ᠮᠡᠳᠡᠭᠦᠯᠬᠦ ᠨᠥᠬᠦᠴᠡᠯ᠂ ᠰᠤᠷᠤᠬᠴᠢ ᠡᠯᠰᠡᠬᠦ ᠰᠢᠯᠭᠠᠯᠲᠠ ᠶᠢᠨ ᠠᠷᠭ᠎ᠠ ᠭᠡᠯᠪᠡᠷᠢ ᠵᠢᠴᠢ ᠰᠤᠷᠤᠬᠴᠢ ᠬᠥᠮᠥᠵᠢᠭᠦᠯᠬᠦ ᠴᠢᠭᠯᠡᠯ ᠤᠨ  ᠲᠤᠬᠠᠢ ᠨᠠᠷᠢᠨ ᠲᠠᠨᠢᠯᠴᠠᠭᠤᠯᠪᠠ᠃ ᠤᠳᠤ  ᠰᠤᠷᠤᠬᠴᠢ ᠡᠯᠰᠡᠬᠦ ᠠᠵᠢᠯ ᠶᠠᠪᠤᠭᠳᠠᠵᠤ ᠪᠤᠢ᠃    2025 ᠣᠨ ᠤ  ︽ᠰᠣᠳᠣᠨ ᠴᠢᠳᠠᠪᠤᠷᠢᠲᠠᠨ ᠬᠥᠮᠥᠵᠢᠭᠦᠯᠬᠦ ᠲᠥᠯᠥᠪᠯᠡᠭᠡ︾ ᠶᠢᠨ︽1+3︾  ᠭᠡᠯᠪᠡᠷᠢ ᠪᠠᠷ ᠰᠤᠷᠤᠬᠴᠢ ᠬᠥᠮᠥᠵᠢᠭᠦᠯᠬᠦ ᠲᠦᠷᠦᠯ ᠵᠦᠢᠯ ᠪᠣᠯ ᠭᠦᠭᠡᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠢᠭᠡᠳᠦᠯᠲᠡᠢ ᠲᠣᠬᠢᠷᠠᠭᠤᠯᠭ᠎ᠠ ᠪᠠᠷ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠶᠢᠳᠬᠡᠵᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠣᠳᠣᠨ ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠰᠦᠪᠡᠭᠴᠢᠯᠡᠯ ᠪᠣᠯᠣᠨ᠎ᠠ᠃ ᠣᠶᠢᠯᠠᠭᠠᠭᠰᠠᠨ ᠢᠶᠠᠷ᠂ ᠡᠨᠡ ᠵᠢᠯ ᠭᠦᠭᠡᠬᠤᠳᠠ  ᠶᠢᠨ 8 ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ 2025 ᠣᠨ ᠤ ︽ᠰᠣᠳᠣᠨ ᠴᠢᠳᠠᠪᠤᠷᠢᠲᠠᠨ ᠬᠥᠮᠥᠵᠢᠭᠦᠯᠬᠦ ᠲᠥᠯᠥᠪᠯᠡᠭᠡ︾  ᠶᠢᠨ  ︽1+3︾  ᠭᠡᠯᠪᠡᠷᠢ ᠪᠠᠷ ᠬᠥᠮᠥᠵᠢᠭᠦᠯᠬᠦ ᠲᠤᠷᠰᠢᠯᠲᠠ ᠶᠢᠨ ᠠᠩᠭᠢ ᠶᠢᠨ ᠰᠤᠷᠤᠬᠴᠢ ᠡᠯᠰᠡᠬᠦ ᠪᠠᠷ ᠪᠣᠯᠤᠭᠰᠠᠨ ᠪᠠᠶᠢᠨ᠎ᠠ᠃ ᠡᠭᠦᠨ ᠳᠤ ᠡᠯ᠎ᠡ ᠰᠤᠷᠭᠠᠭᠤᠯᠢ ᠨᠤᠭᠤᠳ ᠨᠢ ᠰᠤᠷᠭᠠᠭᠤᠯᠢ ᠶᠢᠨ  ᠢᠶᠠᠨ ᠣᠨᠴᠠᠯᠢᠭ ᠢ ᠦᠨᠳᠦᠰᠦᠯᠡᠵᠦ ᠰᠤᠷᠤᠬᠴᠢ ᠬᠥᠮᠥᠵᠢᠭᠦᠯᠬᠦ ᠨᠠᠷᠢᠨ ᠲᠥᠰᠥᠯ ᠢᠶᠠᠨ ᠲᠣᠭᠲᠠᠭᠠᠪᠠ᠃    ᠡᠯ᠎ᠡ ᠰᠤᠷᠭᠠᠭᠤᠯᠢ ᠶᠢᠨ ᠰᠤᠷᠤᠬᠴᠢ ᠡᠯᠰᠡᠬᠦ ᠳᠦᠷᠢᠮ ᠤᠨ ᠲᠤᠬᠠᠢ ᠲᠠᠨᠢᠯᠴᠠᠭᠤᠯᠭ᠎ᠠ ᠶᠢ ᠦᠨᠳᠦᠰᠦᠯᠡᠪᠡᠯ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠰᠢᠨ᠎ᠡ ᠴᠠᠭ ᠦᠶ᠎ᠡ ᠶᠢᠨ ᠲᠤᠭ᠎ᠠ ᠹᠢᠽᠢᠺ ᠪᠠ ᠰᠣᠶᠣᠯ ᠢᠷᠭᠡᠨᠰᠢᠯ ᠤᠨ ᠲᠠᠯ᠎ᠠ ᠪᠠᠷ ᠣᠨᠴᠠ ᠠᠪᠢᠶᠠᠰᠯᠢᠭ 50 ᠰᠤᠷᠤᠬᠴᠢ ᠶᠢ ᠡᠯᠰᠡᠨ ᠬᠥᠮᠥᠵᠢᠭᠦᠯᠦᠨ᠎ᠡ᠃  ᠬᠢᠴᠢᠶᠡᠯ ᠤᠨ ᠰᠢᠰᠲ᠋ᠧᠮ ᠤᠨ ᠬᠤᠪᠢ ᠳᠤ ᠠᠩᠬ᠎ᠠ ᠳᠤᠮᠳᠠᠳᠤ  ᠪᠠ ᠥᠨᠳᠥᠷ ᠳᠤᠮᠳᠠᠳᠤ ᠶᠢ ᠵᠣᠯᠭᠠᠭᠤᠯᠬᠤ ᠬᠢᠴᠢᠶᠡᠯ᠂ ᠥᠨᠳᠥᠷ ᠳᠤᠮᠳᠠᠳᠤ ᠵᠢᠴᠢ ᠶᠡᠭᠡ ᠰᠤᠷᠭᠠᠭᠤᠯᠢ ᠶᠢᠨ ᠤᠷᠢᠳ ᠢᠶᠠᠷ ᠰᠤᠷᠬᠤ ᠬᠢᠴᠢᠶᠡᠯ᠂ ᠲᠥᠷᠥᠯ ᠵᠦᠢᠯ ᠤᠨ ᠮᠠᠶ᠋ᠢᠭ ᠤᠨ ᠰᠤᠷᠤᠯᠴᠠᠯᠭ᠎ᠠ᠂ ᠬᠤᠣᠰ ᠪᠠᠭᠰᠢ ᠶᠢᠨ ᠳᠦᠷᠢᠮ ᠵᠡᠷᠭᠡ ᠪᠠᠷ ᠳᠠᠮᠵᠢᠭᠤᠯᠤᠨ ᠠᠩᠬ᠎ᠠ ᠳᠤᠮᠳᠠᠳᠤ ᠪᠠ ᠥᠨᠳᠥᠷ ᠳᠤᠮᠳᠠᠳᠤ ᠶᠢ ᠨᠡᠪᠲᠡᠷᠡᠭᠦᠯᠦᠨ ᠬᠥᠮᠥᠵᠢᠭᠦᠯᠦᠨ᠎ᠡ᠃ ᠡᠭᠦᠨ ᠠᠴᠠ ᠭᠠᠳᠠᠨ᠎ᠠ᠂ ᠭᠦᠭᠡᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠲᠣᠭᠠᠨ ᠤ ᠲᠦᠷᠦᠯ ᠪᠠ ᠮᠡᠳᠡᠭᠡ ᠵᠠᠩᠭᠢ ᠶᠢᠨ ᠲᠦᠷᠦᠯ ᠢᠶᠠᠷ 90 ᠰᠤᠷᠤᠬᠴᠢ ᠡᠯᠰᠡᠨ᠎ᠡ᠃ ᠭᠦᠭᠡᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ 30 ᠰᠤᠷᠤᠬᠴᠢ ᠡᠯᠰᠡᠨ᠎ᠡ᠃ ᠭᠦᠭᠡᠬᠤᠳᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠪᠠ ᠪᠠᠭ᠎ᠠ ᠬᠡᠯᠡᠨ ᠤ ᠲᠦᠷᠦᠯ ᠤᠨ ᠴᠢᠭᠯᠡᠯ ᠢᠶᠠᠷ 30 ᠰᠤᠷᠤᠬᠴᠢ ᠡᠯᠰᠡᠨ᠎ᠡ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠳᠤᠮᠳᠠᠳᠤ ᠰᠤᠷᠭᠠᠭᠤᠯᠢ 30 ᠰᠤᠷᠤᠬᠴᠢ ᠡᠯᠰᠡᠨ᠎ᠡ᠃ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠭᠦᠭᠡᠬᠤᠳᠠ ᠳᠠᠬᠢ ᠬᠤᠪᠢᠶᠠᠷᠢ ᠰᠤᠷᠭᠠᠭᠤᠯᠢ ᠲᠤᠭ᠎ᠠ ᠬᠢᠮᠢ ᠹᠢᠽᠢᠺ ᠠᠮᠢᠳᠤ ᠪᠣᠳᠠᠰ ᠺᠤᠮᠫᠢᠦ᠋ᠲ᠋ᠧᠷ ᠲᠤ ᠠᠪᠢᠶᠠᠰᠯᠢᠭ 30 ᠰᠤᠷᠤᠬᠴᠢ ᠡᠯᠰᠡᠨ᠎ᠡ᠃ ᠭᠦᠭᠡᠬᠤᠳᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠰᠢᠨᠵᠢᠯᠡᠬᠦ ᠤᠬᠠᠭᠠᠨ ᠤ ᠬᠥᠮᠦᠵᠢᠯ ᠤᠨ ᠲᠠᠯ᠎ᠠ  ᠪᠠᠷ ᠠᠪᠢᠶᠠᠰᠯᠢᠭ 30 ᠰᠤᠷᠤᠬᠴᠢ ᠡᠯᠰᠡᠨ᠎ᠡ᠃ ᠪᠡᠭᠡᠵᠢᠩ ᠤᠨ 101 ᠳᠤᠮᠳᠠᠳᠤ ᠰᠤᠷᠭᠠᠭᠤᠯᠢ ᠶᠢᠨ ᠭᠦᠭᠡᠬᠤᠳᠠ  ᠳᠠᠬᠢ ᠬᠤᠪᠢᠶᠠᠷᠢ ᠰᠤᠷᠭᠠᠭᠤᠯᠢ ᠲᠤᠭ᠎ᠠ + ᠵᠣᠬᠢᠶᠠᠮᠠᠯ ᠤᠶᠤᠨ ᠴᠢᠳᠠᠪᠤᠷᠢ ᠶᠢᠨ ᠴᠢᠭᠯᠡᠯ ᠢᠶᠠᠷ 60 ᠰᠤᠷᠤᠬᠴᠢ ᠡᠯᠰᠡᠨ᠎ᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号