| ︵ᠰᠤᠷᠪᠤᠯᠵᠢᠯᠠᠭᠴᠢ ᠰᠦᠨ ᠶᠤᠸᠠᠢ ᠯᠦᠩ︶ 4 ᠳ᠋ᠦ᠋ᠭᠡᠷ ᠰᠠᠷ᠎ᠠ ᠶᠢᠨ 9 ᠤ ᠡᠳᠦᠷ᠂ ᠬᠠᠢ ᠭᠧ ᠳᠠᠩ ᠡᠮ | ᠡᠮᠨᠡᠯᠭᠡ ᠶᠢᠨ ᠬᠢᠵᠠᠭᠠᠷᠲᠤ ᠺᠣᠮᠫᠠᠨᠢ ᠶᠢᠨ ᠠᠷᠠᠰᠤ ᠪᠠᠷ ᠡᠮ ᠥᠭᠬᠦ ᠨᠠᠭᠠᠯᠲᠠ ᠦᠢᠯᠡᠳᠪᠦᠷᠢᠯᠡᠬᠦ ᠲᠥᠷᠥᠯ ᠵᠦᠢᠯ᠂ ᠰᠢ | ᠯᠢᠩ ᠠᠮᠢᠳᠤ ᠪᠣᠳᠠᠰ ᠤᠨ ᠣᠶᠤᠨᠴᠢ ᠦᠢᠯᠡᠳᠬᠦ ᠦᠢᠯᠡᠳᠪᠦᠷᠢ ᠶᠢᠨ ᠲᠥᠷᠥᠯ ᠵᠦᠢᠯ ᠬᠥᠬᠡᠬᠤᠲᠠ ᠶᠢᠨ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠵᠡᠷᠭᠡᠪᠡᠷ ᠠᠵᠢᠯ ᠡᠬᠢᠯᠡᠭᠦᠯᠪᠡ᠂ ᠡᠨᠡ ᠪᠣᠯ ᠬᠥᠬᠡᠬᠤᠲᠠ ᠶᠢᠨ | ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠤᠭᠰᠠᠨ ᠪᠠᠰᠠ ᠨᠢᠭᠡᠨ ᠴᠢᠬᠤᠯᠠ ᠦᠷ᠎ᠡ ᠪᠦᠲᠦᠭᠡᠯ ᠪᠣᠯᠣᠨ᠎ᠠ᠃ | | | ᠬᠠᠢ ᠭᠧ ᠲᠠᠩ ᠡᠮ ᠡᠮᠨᠡᠯᠭᠡ ᠶᠢᠨ ᠬᠢᠵᠠᠭᠠᠷᠲᠤ ᠺᠣᠮᠫᠠᠨᠢ ᠪᠣᠯ ᠠᠷᠠᠰᠤ ᠪᠠᠷ ᠡᠮ ᠥᠭᠬᠦ ᠨᠠᠭᠠᠯᠲᠠ ᠶᠢᠨ | ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ ᠪᠠᠶᠢᠭ᠎ᠠ ᠡᠮ ᠡᠮᠨᠡᠯᠭᠡ ᠶᠢᠨ ᠰᠢᠨᠵᠢᠯᠡᠬᠦ ᠤᠬᠠᠭᠠᠨ ᠤ ᠰᠢᠨ᠎ᠡ ᠶᠢ | ᠡᠭᠦᠳᠬᠦ ᠲᠠᠪᠴᠠᠩ ᠤᠨ ᠠᠵᠤ ᠠᠬᠤᠶᠢᠯᠠᠯ ᠮᠥᠨ᠂ ᠬᠠᠢ ᠭᠧ ᠲᠠᠩ ᠠᠷᠠᠰᠤ ᠪᠠᠷ ᠡᠮ ᠥᠭᠬᠦ ᠨᠠᠭᠠᠯᠲᠠ | ᠦᠢᠯᠡᠳᠪᠦᠷᠢᠯᠡᠬᠦ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 1.5 ᠳ᠋ᠦᠩᠰᠢᠭᠤᠷ ᠲᠥᠭᠦᠷᠢᠭ | ᠪᠠᠶᠢᠵᠤ᠂ ᠲᠥᠷᠥᠯ ᠵᠦᠢᠯ ᠨᠢ ᠦᠢᠯᠡᠳᠪᠦᠷᠢᠯᠡᠯ ᠳᠤ ᠣᠷᠣᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠨᠢ | ᠪᠠᠷᠤᠭ 1 ᠳ᠋ᠦᠩᠰᠢᠭᠤᠷ ᠲᠥᠭᠦᠷᠢᠭ ᠪᠣᠯᠣᠨ᠎ᠠ᠃ ᠰᠢ ᠯᠢᠩ ᠠᠮᠢᠳᠤ ᠪᠣᠳᠠᠰ ᠤᠨ ᠣᠶᠤᠨᠴᠢ ᠦᠢᠯᠡᠳᠪᠦᠷᠢᠯᠡᠬᠦ | ᠦᠢᠯᠡᠳᠪᠦᠷᠢ ᠶᠢᠨ ᠲᠥᠷᠥᠯ ᠵᠦᠢᠯ ᠨᠢ ᠬᠥᠮᠥᠨ ᠳᠤ ᠲᠣᠬᠢᠷᠠᠬᠤ ᠢᠳᠡᠪᠬᠢ ᠹᠠᠺᠲ᠋ᠤᠷ ᠢ ᠳᠠᠬᠢᠨ ᠨᠠᠶᠢᠷᠠᠭᠰᠠᠨ ᠰᠢᠷᠢᠰ | ᠦᠢᠯᠡᠳᠬᠦᠨ ᠢ ᠭᠤᠣᠯᠳᠠᠯᠭ᠎ᠠ ᠲᠠᠢ ᠠᠬᠢᠭᠤᠯᠵᠤ᠂ ᠡᠭᠦᠨ ᠤ ᠬᠠᠮᠲᠤ ᠬᠥᠮᠥᠨ ᠳᠤ ᠲᠣᠬᠢᠷᠠᠬᠤ III ᠬᠡᠯᠪᠡᠷᠢ ᠶᠢᠨ | ᠴᠠᠪᠠᠤ ᠶᠢᠨ ᠲᠦᠭᠦᠬᠡᠢ ᠤᠭᠤᠷᠠᠭ ᠢ ᠳᠠᠬᠢᠨ ᠨᠠᠶᠢᠷᠠᠬᠤ᠂ ᠬᠥᠮᠥᠨ ᠳᠤ ᠲᠣᠬᠢᠷᠠᠬᠤ ᠬᠡᠳᠦ ᠢᠰᠦᠯ ᠢ ᠭᠠᠳᠠᠭᠤᠷᠴᠢᠯᠠᠬᠤ | ᠢᠰᠬᠡᠭᠦᠷ ᠢ ᠳᠠᠬᠢᠨ ᠨᠠᠶᠢᠷᠠᠬᠤ ᠵᠡᠷᠭᠡ ᠲᠥᠷᠥᠯ ᠵᠦᠢᠯ ᠢ ᠰᠤᠳᠤᠯᠤᠨ ᠨᠡᠭᠡᠭᠡᠬᠦ ᠶᠢ ᠵᠡᠷᠭᠡᠪᠡᠷ ᠥᠷᠨᠢᠭᠦᠯᠵᠦ᠂ | ᠦᠢᠯᠡᠳᠬᠦᠨ ᠨᠢ ᠴᠢᠳᠠᠮᠵᠢ ᠶᠢᠨ ᠴᠢᠨᠠᠷᠲᠠᠢ ᠵᠠᠰᠠᠯ ᠴᠢᠮᠡᠭᠯᠡᠯ ᠤᠨ ᠲᠦᠷᠦᠯ᠂ ᠮᠡᠳᠡᠯᠭᠡ ᠶᠢᠨ ᠥᠮᠴᠢᠯᠡᠬᠦ ᠡᠷᠬᠡ ᠲᠠᠢ | ᠡᠮᠴᠢᠯᠡᠭᠡᠨ ᠤ ᠲᠣᠨᠤᠭ ᠲᠥᠬᠦᠭᠡᠷᠦᠮᠵᠢ ᠬᠢᠭᠡᠳ ᠡᠮ ᠨᠠᠶᠢᠷᠠᠯᠭ᠎ᠠ ᠶᠢ ᠬᠠᠮᠤᠷᠴᠤ᠂ ᠶᠡᠷᠦᠩᠬᠡᠢ ᠪᠡᠯᠡ ᠣᠷᠣᠭᠤᠯᠤᠯᠲᠠ | ᠨᠢ ᠪᠠᠷᠤᠭ 1.2 ᠳ᠋ᠦᠩᠰᠢᠭᠤᠷ ᠲᠥᠭᠦᠷᠢᠭ ᠪᠠᠶᠢᠵᠤ᠂ ᠲᠥᠷᠥᠯ ᠵᠦᠢᠯ ᠨᠢ ᠦᠢᠯᠡᠳᠪᠦᠷᠢᠯᠡᠯ ᠳᠤ ᠣᠷᠣᠭᠰᠠᠨ ᠤ | ᠳᠠᠷᠠᠭ᠎ᠠ ᠵᠢᠯ ᠤᠨ ᠦᠢᠯᠡᠳᠬᠦᠨ ᠤ ᠥᠷᠲᠡᠭ ᠨᠢ ᠪᠠᠷᠤᠭ 1.1 ᠳ᠋ᠦᠩᠰᠢᠭᠤᠷ ᠲᠥᠭᠦᠷᠢᠭ ᠪᠣᠯᠣᠨ᠎ᠠ᠃ | | | ᠬᠤᠶᠠᠷ ᠲᠥᠷᠥᠯ ᠵᠦᠢᠯ ᠢ ᠵᠡᠷᠭᠡᠪᠡᠷ ᠠᠵᠢᠯ ᠡᠬᠢᠯᠡᠭᠦᠯᠦᠭᠰᠡᠨ ᠨᠢ ᠬᠥᠬᠡᠬᠤᠲᠠ ᠶᠢᠨ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ︾ ᠶᠢ ᠭᠦᠨᠵᠡᠭᠡᠶᠢᠷᠡᠭᠦᠯᠬᠦ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠬᠡᠪ ᠳᠠᠭᠤᠷᠢᠶᠠᠯ ᠤᠨ | ᠬᠤᠲᠠ ᠶᠢ ᠪᠠᠶᠢᠭᠤᠯᠬᠤ ᠳᠤ ᠬᠦᠴᠦᠨ ᠨᠡᠮᠡᠷᠢᠯᠡᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠪᠥᠭᠡᠳ ᠮᠠᠨ ᠤ | ᠬᠤᠲᠠ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠲᠦᠷᠭᠡᠨ | ᠬᠥᠭᠵᠢᠭᠦᠯᠦᠨ ᠪᠤᠵᠠᠭᠠᠶᠢᠷᠠᠭᠤᠯᠬᠤ ᠶᠢᠨ ᠪᠣᠳᠠᠲᠠᠢ ᠢᠯᠡᠷᠡᠯ ᠪᠣᠯᠣᠨ᠎ᠠ᠃ | | |