| ︵ᠰᠤᠷᠪᠤᠯᠵᠢᠯᠠᠭᠴᠢ ᠶᠠᠩ ᠶᠦᠩ ᠭᠠᠩ︶ 4 ᠳ᠋ᠦ᠋ᠭᠡᠷ ᠰᠠᠷ᠎ᠠ ᠶᠢᠨ 9 ᠤ ᠡᠳᠦᠷ ᠬᠥᠬᠡᠬᠤᠲᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 4 ᠳ᠋ᠦ᠋ᠭᠡᠷ ᠰᠠᠷ᠎ᠠ ᠶᠢᠨ 8 ᠤ ᠡᠳᠦᠷ᠂ | ᠬᠥᠬᠡᠬᠤᠲᠠ ᠪᠣᠯᠣᠨ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠠᠴᠠ ᠬᠠᠮᠲᠤ ᠪᠠᠷ ᠡᠭᠦᠰᠬᠡᠨ ᠪᠠᠶᠢᠭᠤᠯᠤᠭᠰᠠᠨ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠲᠤᠰᠬᠠᠢ ᠰᠠᠭᠤᠷᠢ | ᠮᠥᠩᠭᠦ ᠶᠢ ᠬᠥᠬᠡᠬᠤᠲᠠ ᠳᠤ ᠠᠮᠵᠢᠯᠲᠠ ᠲᠠᠢ ᠳᠠᠩᠰᠠᠯᠠᠭᠤᠯᠪᠠ᠃ ᠡᠨᠡ ᠬᠦ ᠰᠠᠭᠤᠷᠢ ᠮᠥᠩᠭᠦ ᠶᠢ ᠪᠠᠶᠢᠭᠤᠯᠤᠭᠰᠠᠨ ᠨᠢ | ᠬᠥᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠢᠷᠡᠭᠡᠳᠦᠢ ᠶᠢᠨ ᠠᠵᠤ ᠦᠢᠯᠡᠰ ᠢ | ᠬᠥᠭᠵᠢᠭᠦᠯᠬᠦ ᠶᠢ ᠠᠬᠢᠭᠤᠯᠬᠤ ᠵᠠᠮ ᠳᠡᠭᠡᠷ᠎ᠡ ᠵᠠᠩᠭᠢᠯᠠᠭ᠎ᠠ ᠶᠢᠨ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ | ᠲᠣᠰ ᠲᠤᠰᠬᠠᠢ ᠰᠠᠭᠤᠷᠢ ᠮᠥᠩᠭᠦ ᠶᠢᠨ ᠶᠡᠷᠦᠩᠬᠡᠢ ᠬᠡᠪᠴᠢᠶ᠎ᠡ ᠶᠢ 2 ᠳ᠋ᠦᠩᠰᠢᠭᠤᠷ ᠲᠥᠭᠦᠷᠢᠭ ᠪᠠᠶᠢᠵᠤ᠂ | ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠲᠦᠷᠦᠭᠦᠯᠡᠨ ᠪᠠᠶᠢᠭᠤᠯᠵᠤ᠂ ᠪᠡᠭᠡᠵᠢᠩ | ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠳᠣᠣᠷᠠᠬᠢ ᠭᠤᠸᠠᠩᠳᠦ᠋ᠩ ᠤᠨ | ᠬᠠᠮᠵᠢᠯᠴᠠᠨ ᠰᠢᠨ᠎ᠡ ᠶᠢ ᠡᠭᠦᠳᠬᠦ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠰᠠᠭᠤᠷᠢ ᠮᠥᠩᠭᠦ ᠶᠢᠨ ᠬᠠᠮᠢᠶᠠᠷᠤᠭᠴᠢ ᠪᠣᠯᠭᠠᠬᠤ ᠪᠠᠷ ᠰᠣᠩᠭᠤᠨ | ᠲᠣᠭᠲᠠᠭᠠᠪᠠ᠃ ᠲᠠᠷᠠᠭᠠᠴᠢ ᠶᠢᠨ ᠡᠵᠡᠩᠨᠡᠯᠲᠡ ᠬᠠᠮᠢᠶᠠᠷᠤᠯᠲᠠ ᠶᠢᠨ ᠶᠠᠪᠤᠴᠠ ᠳᠤ᠂ ᠰᠠᠭᠤᠷᠢ ᠮᠥᠩᠭᠦ ᠨᠢ ︽ᠵᠠᠰᠠᠭ ᠤᠨ | ᠣᠷᠳᠣᠨ ᠬᠥᠲᠥᠯᠥᠨ ᠵᠢᠯᠤᠭᠤᠳᠬᠤ᠂ ᠲᠤᠰᠬᠠᠢ ᠬᠠᠮᠢᠶᠠᠷᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ︾ ᠵᠠᠷᠴᠢᠮ ᠢ | ᠴᠢᠩᠭ᠎ᠠ ᠵᠢᠷᠤᠮᠯᠠᠨ᠂ ︽ᠡᠷᠲᠡ ᠪᠡᠯᠡ ᠣᠷᠣᠭᠤᠯᠬᠤ᠂ ᠪᠠᠭ᠎ᠠ ᠪᠡᠯᠡ ᠣᠷᠣᠭᠤᠯᠬᠤ᠂ ᠣᠷᠳᠣ ᠬᠤᠭᠤᠴᠠᠭ᠎ᠠ ᠪᠠᠷ ᠪᠡᠯᠡ | ᠣᠷᠣᠭᠤᠯᠬᠤ᠂ ᠬᠠᠲᠠᠭᠤ ᠰᠢᠨᠵᠢᠯᠡᠬᠦ ᠤᠬᠠᠭᠠᠨ ᠮᠡᠷᠭᠡᠵᠢᠯ ᠳᠤ ᠪᠡᠯᠡ ᠣᠷᠣᠭᠤᠯᠬᠤ︾ ᠪᠠᠷ ᠭᠤᠣᠯ ᠪᠡᠯᠡ | ᠣᠷᠣᠭᠤᠯᠤᠯᠲᠠ ᠶᠢᠨ ᠠᠷᠭ᠎ᠠ ᠪᠣᠳᠣᠯᠭ᠎ᠠ ᠪᠣᠯᠭᠠᠵᠤ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ | ᠲᠣᠭᠲᠠᠭᠠᠨ᠎ᠠ᠃ | | | ᠤᠮᠠᠷᠠᠲᠤ ᠶᠢᠨ ᠠᠩᠬᠠᠳᠠᠭᠴᠢ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠲᠤᠰᠬᠠᠢ ᠰᠠᠭᠤᠷᠢ ᠮᠥᠩᠭᠦ | ᠪᠣᠯᠤᠭᠰᠠᠨ ᠤ ᠬᠤᠪᠢ ᠳᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠲᠠᠯ᠎ᠠ ᠪᠠᠷ ᠮᠠᠰᠢ | ᠴᠢᠬᠤᠯᠠ ᠪᠠᠶᠢᠷᠢ ᠰᠠᠭᠤᠷᠢ ᠲᠠᠢ ᠶᠤᠮ᠃ ᠲᠣᠰ ᠰᠠᠭᠤᠷᠢ ᠮᠥᠩᠭᠦ ᠪᠣᠯ ᠬᠥᠬᠡᠬᠤᠲᠠ ᠶᠢᠨ ᠪᠡᠭᠡᠵᠢᠩ ᠥᠪᠥᠷ | ᠮᠣᠩᠭᠤᠯ ᠤᠨ ᠪᠥᠬᠦ ᠲᠠᠯ᠎ᠠ ᠪᠠᠷ ᠬᠠᠮᠲᠤᠷᠠᠯᠴᠠᠬᠤ ᠶᠢ ᠭᠦᠨᠵᠡᠭᠡᠢ ᠠᠬᠢᠭᠤᠯᠵᠤ᠂ ᠬᠠᠢ ᠳ᠋ᠢᠶᠠᠨ ᠲᠣᠭᠤᠷᠢᠭ ᠯᠤᠭ᠎ᠠ ᠶᠢᠨ | ︽ᠬᠤᠶᠠᠷ ᠴᠠᠭ ᠤᠨ ᠰᠢᠨ᠎ᠡ ᠶᠢ ᠡᠭᠦᠳᠬᠦ ᠲᠣᠭᠤᠷᠢᠭ︾ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠴᠢᠬᠤᠯᠠ | ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠰᠠᠭᠤᠷᠢ ᠮᠥᠩᠭᠦ ᠨᠢ ᠢᠷᠡᠭᠡᠳᠦᠢ ᠶᠢᠨ ᠠᠵᠤ ᠦᠢᠯᠡᠰ ᠤᠨ | ᠣᠷᠣᠭᠤᠯᠤᠯᠲᠠ ᠶᠢᠨ ᠦᠷᠭᠦᠯᠵᠢᠯᠡᠬᠦ ᠨᠡᠮᠡᠭᠳᠡᠯ ᠤᠨ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ︽ᠮᠡᠷᠭᠡᠵᠢᠯ ᠢ | ᠰᠤᠳᠤᠯᠤᠨ ᠨᠡᠭᠡᠭᠡᠬᠦ - ᠠᠬᠤᠢ ᠪᠠᠶᠢᠳᠠᠯ ᠢ ᠬᠡᠷᠡᠭᠯᠡᠬᠦ - ᠢᠷᠡᠭᠡᠳᠦᠢ ᠶᠢᠨ ᠠᠵᠤ ᠦᠢᠯᠡᠰ︾ ᠤᠨ ᠰᠠᠶᠢᠨ ᠰᠠᠶᠢᠬᠠᠨ | ᠪᠢᠲᠡᠭᠦᠦ ᠴᠠᠭᠠᠷᠢᠭ ᠢ ᠪᠦᠷᠢᠯᠳᠦᠭᠦᠯᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠰᠢᠨ᠎ᠡ ᠬᠡᠯᠪᠡᠷᠢ ᠶᠢᠨ ᠡᠨᠧᠷᠭᠢ | ᠬᠠᠳᠠᠭᠠᠯᠠᠬᠤ ᠬᠦᠷᠢᠶ᠎ᠡ ᠴᠠᠷᠠᠭ᠎ᠠ ᠳᠤ᠂ ᠬᠡᠪᠴᠢᠶᠡᠵᠢᠭᠰᠡᠨ ᠬᠡᠷᠡᠭᠯᠡᠭᠡᠨ ᠤ ᠪᠠᠶᠢᠳᠠᠯ ᠢ ᠪᠣᠶ ᠪᠤᠯᠭᠠᠬᠤ ᠪᠠᠷ ᠴᠢᠷᠮᠠᠶᠢᠨ᠂ | ᠡᠨᠧᠷᠭᠢ ᠶᠢᠨ ᠠᠵᠤ ᠦᠢᠯᠡᠰ ᠤᠨ ᠰᠢᠨᠡᠴᠢᠯᠡᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ᠃ ᠪᠣᠳᠣᠯᠭ᠎ᠠ ᠶᠢᠨ | ᠬᠦᠴᠦᠨ ᠤ ᠴᠢᠫ ᠤᠨ ᠬᠦᠷᠢᠶᠡᠨ ᠳᠤ ᠪᠡᠶ᠎ᠡ ᠪᠠᠨ ᠳᠠᠭᠠᠭᠠᠭᠰᠠᠨ ᠡᠵᠡᠮᠰᠢᠯᠲᠦ ᠬᠠᠩᠭᠠᠯᠭ᠎ᠠ ᠶᠢᠨ ᠬᠡᠯᠬᠢᠶ᠎ᠡ ᠶᠢ | ᠬᠦᠴᠦᠯᠡᠨ ᠪᠠᠶᠢᠭᠤᠯᠵᠤ᠂ ᠠᠵᠤ ᠦᠢᠯᠡᠰ ᠤᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠠᠮᠢᠳᠤ | ᠪᠣᠳᠠᠰ ᠤᠨ ᠡᠮ ᠡᠮᠨᠡᠯᠭᠡ ᠶᠢᠨ ᠬᠦᠷᠢᠶᠡᠨ ᠳᠤ ᠨᠠᠷᠢᠯᠢᠭ ᠣᠨᠣᠴᠠᠲᠠᠢ ᠡᠮᠴᠢᠯᠡᠭᠡᠨ ᠤ ᠰᠢᠨ᠎ᠡ ᠶᠢ ᠡᠭᠦᠳᠬᠦ ᠬᠡᠪ | ᠳᠠᠭᠤᠷᠢᠶᠠᠯ ᠢ ᠨᠢᠮᠪᠠᠢ ᠪᠣᠶᠢᠵᠢᠭᠤᠯᠵᠤ᠂ ᠠᠵᠢᠯ ᠲᠥᠷᠥᠯ ᠤᠨ ᠬᠤᠰᠢᠭᠤᠷᠠᠯ ᠬᠥᠭᠵᠢᠯᠲᠡ ᠶᠢ ᠬᠥᠲᠥᠯᠥᠨ ᠳᠠᠭᠠᠭᠤᠯᠵᠤ᠂ | ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠪᠥᠬᠦ ᠲᠠᠯ᠎ᠠ ᠪᠠᠷ ᠬᠥᠭᠵᠢᠭᠡᠨ᠎ᠡ᠃ |