ᠰᠠᠶᠢᠬᠠᠨ ᠲᠣᠭᠤᠷᠢᠭ ᠲᠤ Deepseek ᠥᠨᠳᠥᠷ ᠪᠦᠲᠦᠮᠵᠢᠲᠡᠶ ᠠᠯᠪᠠᠯᠠᠬᠤ ᠲᠤᠰᠬᠠᠢ ᠰᠡᠳᠦᠪᠲᠦ ᠪᠣᠯᠪᠠᠰᠤᠷᠠᠯ ᠡᠷᠭᠢᠯᠡᠪᠡ ︵ᠬᠤᠶᠠᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2025/4/15
      4 ᠰᠠᠷ᠎ᠠ ᠶᠢᠨ 11 ᠤ ᠡᠳᠦᠷ᠂ ᠰᠠᠶᠢᠬᠠᠨ ᠲᠣᠭᠤᠷᠢᠭ 2025 ᠣᠨ ᠤ ᠬᠤᠶᠠᠳᠤᠭᠠᠷ ᠬᠤᠭᠤᠴᠠᠭᠠᠨ ᠤ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠢ ᠡᠷᠬᠢᠯᠡᠵᠦ᠂ ᠵᠣᠬᠢᠶᠠᠮᠠᠯ ᠣᠶᠤᠨᠴᠢ ᠬᠡᠷᠡᠭᠯᠡᠭᠡᠨ ᠤ ᠦᠵᠡᠭᠳᠡᠯ᠂ ᠠᠯᠪᠠᠨ ᠪᠢᠴᠢᠭ ᠪᠢᠴᠢᠬᠦ᠂ ᠲᠤᠭ᠎ᠠ ᠪᠠᠷᠢᠮᠲᠠ ᠶᠢᠨ ᠵᠠᠳᠠᠯᠤᠯᠲᠠ᠂ ᠵᠢᠷᠤᠭ ᠳᠦᠷᠰᠦ ᠶᠢᠨ ᠸᠢᠳᠢᠤ᠋ ᠶᠢ ᠨᠡᠶᠢᠳᠬᠡᠬᠦ ᠵᠡᠷᠭᠡ ᠠᠭᠤᠯᠭ᠎ᠠ ᠰᠤᠷᠤᠯᠴᠠᠪᠠ᠃
图片1.png
      ᠪᠣᠯᠪᠠᠰᠤᠷᠠᠭᠤᠯᠤᠯ ᠤᠨ ᠬᠤᠷᠠᠯ ᠠᠴᠠ ᠤᠯᠤᠰ ᠤᠨ ᠳᠣᠲᠣᠭᠠᠳᠤ ᠶᠢᠨ ᠣᠷᠣᠶᠢᠯᠠᠭᠰᠠᠨ AI ᠲᠤᠰᠬᠠᠢ ᠮᠡᠷᠭᠡᠵᠢᠯᠲᠡᠨ ᠤ ᠶᠢᠨ ᠱᠧᠩ ᠫᠷᠤᠹᠧᠰᠰᠤᠷ ᠪᠠ ᠠᠵᠤ ᠠᠬᠤᠶᠢᠯᠠᠯ ᠤᠨ ᠲᠠᠰ ᠤᠨ ᠵᠣᠬᠢᠶᠠᠮᠠᠯ ᠣᠶᠤᠨ ᠴᠢᠳᠠᠪᠤᠷᠢ ᠶᠢᠨ ᠬᠡᠷᠡᠭᠯᠡᠭᠡᠨ ᠤ ᠲᠤᠰᠬᠠᠢ ᠮᠡᠷᠭᠡᠵᠢᠯᠲᠡᠨ ᠸᠠᠩ ᡁᠢ ᠴᠢᠩ deepseek ᠰᠠᠭᠤᠷᠢ ᠪᠠᠷ ᠣᠷᠣᠵᠤ ᠢᠷᠡᠬᠦ᠂ AI ᠰᠠᠨᠠᠭᠤᠯᠤᠮᠵᠢ ᠦᠭᠡᠰ ᠢ ᠵᠢᠷᠤᠮᠵᠢᠭᠤᠯᠤᠨ ᠬᠡᠷᠡᠭᠯᠡᠬᠦ ᠪᠠ ᠵᠠᠭᠪᠤᠷ ᠤᠨ ᠦᠢᠯᠡᠳᠦᠯᠭᠡ᠂ AI ᠡᠨᠧᠷᠭᠢ ᠣᠯᠭᠤᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ AI ᠬᠢᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ ᠶᠢᠨ ᠦᠢᠯᠡᠳᠦᠯᠭᠡ ᠶᠢᠨ ᠰᠢᠨ᠎ᠡ ᠠᠷᠭ᠎ᠠ ᠵᠠᠮ ᠵᠡᠷᠭᠡ ᠲᠠᠯ᠎ᠠ ᠪᠠᠷ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃ ᠪᠦᠬᠦ᠋ᠢᠯᠡ ᠪᠣᠯᠪᠠᠰᠤᠷᠠᠯ ᠤᠨ ᠰᠡᠳᠬᠢᠮᠵᠢ ᠲᠣᠳᠣᠷᠬᠠᠢ᠂ ᠳᠡᠰ ᠳᠠᠪᠬᠤᠷᠭ᠎ᠠ ᠲᠣᠳᠣᠷᠬᠠᠢ᠂ ᠭᠤᠣᠯᠳᠠᠯᠭ᠎ᠠ ᠲᠣᠪᠣᠶᠢᠮ᠎ᠠ᠂ ᠬᠡᠷᠡᠭ ᠤᠨ ᠵᠢᠱᠢᠶ᠎ᠡ ᠨᠠᠷᠢᠨ ᠪᠣᠳᠠᠲᠠᠢ᠂ ᠦᠭᠡ ᠬᠡᠯᠡ ᠨᠢ ᠠᠮᠢᠳᠤᠯᠢᠭ᠂ ᠦᠵᠡᠭᠦᠯᠭᠡ ᠨᠢ ᠲᠣᠳᠣᠷᠬᠠᠢ ᠪᠠᠶᠢᠳᠠᠭ᠃ ᠰᠠᠶᠢᠬᠠᠨ ᠲᠣᠭᠤᠷᠢᠭ ᠤᠨ ᠺᠠᠳ᠋ᠷ ᠠᠵᠢᠯᠲᠠᠨ AI ᠵᠥᠭᠡᠯᠡᠨ ᠲᠣᠨᠤᠭ ᠤᠨ ᠰᠠᠭᠤᠷᠢ ᠠᠵᠢᠯᠯᠠᠭ᠎ᠠ ᠶᠢ ᠡᠵᠡᠮᠳᠡᠬᠦ᠂ ᠰᠠᠨᠠᠭᠤᠯᠬᠤ ᠦᠭᠡ ᠶᠢ ᠵᠢᠷᠤᠮᠵᠢᠭᠤᠯᠤᠨ ᠬᠡᠷᠡᠭᠯᠡᠬᠦ ᠵᠢᠴᠢ AI  ᠶᠢ ᠠᠰᠢᠭᠯᠠᠨ ᠡᠳᠦᠷ ᠲᠤᠲᠤᠮ ᠤᠨ ᠠᠯᠪᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠨᠠᠩ ᠪᠥᠬᠦ ᠲᠠᠯ᠎ᠠ ᠶᠢᠨ᠂ ᠭᠦᠨᠵᠡᠭᠡᠢ ᠲᠠᠨᠢᠯᠲᠠ ᠲᠠᠢ ᠪᠣᠯᠪᠠ᠃        ᠲᠣᠰ ᠤᠳᠠᠭᠠᠨ ᠤ ᠪᠣᠯᠪᠠᠰᠤᠷᠠᠯ ᠰᠠᠶᠢᠬᠠᠨ ᠲᠣᠭᠤᠷᠢᠭ ᠤᠨ ᠺᠠᠳ᠋ᠷ ᠠᠵᠢᠯᠲᠠᠳ ᠲᠤ AI ᠬᠤᠰᠢᠭᠤᠷᠠᠯ ᠮᠡᠷᠭᠡᠵᠢᠯ ᠢ ᠰᠤᠷᠤᠯᠴᠠᠬᠤ ᠲᠠᠪᠴᠠᠩ ᠪᠠᠶᠢᠭᠤᠯᠤᠨ ᠥᠭᠴᠦ᠂ ᠬᠤᠷᠠᠯ ᠳᠤ ᠣᠷᠣᠯᠴᠠᠭᠰᠠᠳ᠂ ᠺᠠᠳ᠋ᠷ ᠠᠵᠢᠯᠲᠠᠨ ᠠᠵᠢᠯᠴᠢᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠮᠡᠷᠭᠡᠵᠢᠯ ᠤᠨ ᠬᠠᠷᠠᠭ᠎ᠠ ᠪᠠᠨ ᠥᠷᠭᠡᠳᠬᠡᠵᠦ᠂ AI  ᠶᠢ ᠨᠠᠶᠢᠳᠠᠪᠤᠷᠢᠵᠢᠭᠤᠯᠬᠤ ᠬᠡᠷᠡᠭᠯᠡᠭᠡᠨ ᠤ ᠠᠷᠭ᠎ᠠ ᠶᠢ ᠡᠵᠡᠮᠰᠢᠵᠦ᠂ ᠰᠣᠷᠣᠭᠰᠠᠨ ᠠᠭᠤᠯᠭ᠎ᠠ ᠪᠠᠨ ᠢᠳᠡᠪᠬᠢᠲᠡᠢ ᠬᠡᠷᠡᠭᠯᠡᠵᠦ᠂ ᠲᠣᠰ ᠲᠣᠰ ᠤᠨ ᠬᠦᠷᠢᠶᠡᠨ ᠳᠤ AI  ᠶᠢ ᠰᠢᠨ᠎ᠡ ᠶᠢ ᠡᠭᠦᠳᠦᠨ ᠬᠡᠷᠡᠭᠯᠡᠬᠦ ᠶᠢ ᠬᠠᠶᠢᠨ ᠰᠦᠪᠡᠭᠴᠢᠯᠡᠵᠦ᠂ ᠰᠠᠶᠢᠬᠠᠨ ᠲᠣᠭᠤᠷᠢᠭ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠠᠰᠤᠷᠠᠯᠲᠠ ᠦᠭᠡᠢ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号