| ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠮᠠᠨ ᠤ ᠣᠷᠣᠨ ︽︿ᠦᠢᠯᠡᠰ ᠪᠣᠰᠬᠠᠵᠤ | ᠤᠮᠠᠷᠠᠲᠤ ᠬᠢᠯᠢ ᠶᠢ ᠮᠠᠨᠳᠤᠭᠤᠯᠬᠤ﹀ ᠦᠢᠯᠡᠰ ᠪᠣᠰᠬᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠳᠤ ᠬᠦᠴᠦᠨ ᠨᠡᠮᠡᠷᠢᠯᠡᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ ᠪᠤᠴᠠᠭᠰᠠᠨ ᠬᠥᠯᠥᠰᠦᠨ ᠮᠠᠯᠴᠢᠨ ᠲᠠᠷᠢᠶᠠᠴᠢᠨ᠂ | ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠦᠨ᠂ | ᠦᠢᠯᠡᠰ ᠪᠣᠰᠬᠠᠬᠤ 7 ᠵᠦᠢᠯ ᠤᠨ ᠦᠢᠯᠡᠴᠢᠯᠡᠭᠡ ᠶᠢ ᠬᠡᠷᠡᠭᠵᠢᠭᠦᠯᠵᠦ᠂ ︽ᠦᠢᠯᠡᠰ ᠪᠣᠰᠬᠠᠬᠤ ᠪᠣᠯᠪᠠᠰᠤᠷᠠᠯ᠂ ᠦᠢᠯᠡᠰ | ᠪᠣᠰᠬᠠᠬᠤ ᠦᠢᠯᠡᠴᠢᠯᠡᠭᠡ᠂ ᠦᠢᠯᠡᠰ ᠪᠣᠰᠬᠠᠬᠤ ᠨᠠᠪᠴᠢᠭᠦᠯᠤᠯᠲᠠ᠂ ᠦᠢᠯᠡᠰ ᠪᠣᠰᠬᠠᠬᠤ ᠠᠵᠢᠯᠯᠠᠭ᠎ᠠ︾ ᠶᠢᠨ | ᠬᠤᠯᠪᠤᠭᠠᠯᠠᠨ ᠬᠥᠳᠡᠯᠦᠯᠴᠡᠬᠦ ᠳᠡᠮᠵᠢᠯᠭᠡ ᠶᠢᠨ ᠰᠢᠰᠲ᠋ᠧᠮ ᠢ ᠪᠦᠭᠦ ᠬᠦᠴᠦᠨ ᠢᠶᠠᠷ ᠢᠶᠠᠨ ᠪᠠᠶᠢᠭᠤᠯᠵᠤ᠂ ᠦᠢᠯᠡᠰ | ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠨ᠂ ᠴᠢᠨᠠᠷ ᠰᠠᠶᠢᠲᠠᠢ ᠠᠵᠢᠯ ᠣᠯᠭᠤᠯᠲᠠ ᠳᠤ ᠬᠦᠴᠦᠨ ᠨᠡᠮᠡᠷᠢᠯᠡᠨ᠎ᠡ᠃ | ᠳᠤᠰ ᠠᠵᠢᠯᠯᠠᠭ᠎ᠠ ᠨᠢ 12 ᠰᠠᠷ᠎ᠠ ᠶᠢᠨ ᠰᠡᠭᠦᠯᠴᠢ ᠪᠤᠯᠲᠠᠯ᠎ᠠ ᠦᠷᠭᠦᠯᠵᠢᠯᠡᠨ᠎ᠡ᠃ | | | ᠣᠶᠢᠯᠠᠭᠠᠭᠰᠠᠨ ᠢᠶᠠᠷ᠂ 7 ᠵᠦᠢᠯ ᠤᠨ ᠦᠢᠯᠡᠰ ᠪᠣᠰᠬᠠᠬᠤ ᠦᠢᠯᠡᠴᠢᠯᠡᠭᠡ ᠨᠢ ᠲᠣᠰ ᠲᠣᠰ ᠤᠬᠠᠭᠤᠯᠭ᠎ᠠ ᠶᠢᠨ | ᠵᠢᠭᠰᠠᠭᠠᠯ ᠪᠠᠶᠢᠭᠤᠯᠬᠤ᠂ ᠦᠢᠯᠡᠰ ᠪᠣᠰᠬᠠᠬᠤ ᠶᠢ ᠵᠢᠯᠤᠭᠤᠳᠬᠤ ᠲᠤᠰᠬᠠᠢ ᠮᠡᠷᠭᠡᠵᠢᠯᠲᠡᠨ ᠠᠴᠠ ᠲᠣᠭᠤᠷᠢᠨ | ᠵᠢᠯᠤᠭᠤᠳᠬᠤ᠂ ︽ᠢᠷᠡᠯᠲᠡ ᠰᠠᠶᠢᠨ ᠦᠢᠯᠡᠰ ᠪᠣᠰᠬᠠᠬᠤ︾ ᠡᠬᠢ ᠪᠠᠶᠠᠯᠢᠭ ᠢ ᠵᠣᠯᠭᠠᠭᠤᠯᠬᠤ᠂ ︽ᠵᠢᠭᠡᠯᠡᠯᠭᠡ ᠲᠠᠯᠪᠢᠵᠤ | ᠦᠢᠯᠡᠰ ᠪᠣᠰᠬᠠᠬᠤ︾ ᠰᠢᠷᠢᠰ ᠠᠵᠢᠯᠯᠠᠭ᠎ᠠ᠂ ᠦᠢᠯᠡᠰ ᠪᠣᠰᠬᠠᠬᠤ ᠲᠥᠷᠥᠯ ᠵᠦᠢᠯ ᠤᠨ ᠦᠵᠡᠭᠦᠯᠭᠡ᠂ ᠦᠢᠯᠡᠰ | ᠪᠣᠰᠬᠠᠬᠤ ᠯᠧᠺᠲ᠋ᠣᠷ ᠤᠨ ᠰᠣᠯᠢᠯᠴᠠᠭ᠎ᠠ᠂ ᠣᠷᠣᠨ ᠪᠦᠰᠡ ᠶᠢᠨ ᠦᠢᠯᠡᠰ ᠪᠣᠰᠬᠠᠬᠤ ᠬᠤᠯᠪᠤᠭ᠎ᠠ ᠶᠢ ᠴᠣᠭᠴᠠᠯᠠᠬᠤ | ᠪᠣᠯᠣᠨ᠎ᠠ᠃ ᠪᠣᠳᠠᠲᠠᠢ ᠪᠠᠷ ᠬᠡᠯᠡᠪᠡᠯ᠂ ᠣᠬᠤᠷ ᠸᠢᠳᠢᠤ᠋᠂ ᠬᠠᠮ ᠵᠠᠭᠤᠴᠢᠯᠠᠭᠤᠷ ᠵᠡᠷᠭᠡ ᠰᠢᠨ᠎ᠡ ᠶᠢ ᠡᠭᠦᠳᠬᠦ ᠭᠡᠯᠪᠡᠷᠢ ᠶᠢ | ᠠᠰᠢᠭᠯᠠᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠬᠦᠷᠭᠡᠵᠦ᠂ ᠲᠥᠷᠥ ᠶᠢᠨ ᠪᠣᠳᠣᠯᠭ᠎ᠠ ᠶᠢᠨ ᠣᠶᠢᠯᠠᠭᠠᠬᠤ | ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ | | | 12 ᠠᠶᠢᠮᠠᠭ ᠬᠤᠲᠠ ᠳᠤ ᠭᠦᠨᠵᠡᠭᠡᠶᠢᠷᠡᠨ ᠦᠢᠯᠡᠰ ᠪᠣᠰᠬᠠᠬᠤ ᠲᠤᠰᠬᠠᠢ ᠮᠡᠷᠭᠡᠵᠢᠯᠲᠡᠨ ᠢ ︽ᠨᠢᠭᠡ ᠶᠢ | ᠨᠢᠭᠡ ᠳᠤ ᠬᠠᠨᠳᠤᠭᠤᠯᠤᠨ︾ ᠭᠦᠨᠵᠡᠭᠡᠢ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠴᠢᠭᠯᠡᠯᠲᠡ ᠴᠢᠨᠠᠷᠲᠠᠢ | ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠠᠩᠭᠠᠨ᠎ᠠ᠃ ᠦᠢᠯᠡᠰ ᠪᠣᠰᠬᠠᠭᠴᠢᠳ ᠤᠨ ᠲᠠᠯᠠᠪᠤᠷ ᠭᠠᠵᠠᠷ᠂ ᠪᠡᠯᠡ ᠮᠥᠩᠭᠦ᠂ | ᠵᠠᠬ᠎ᠠ ᠳᠡᠯᠭᠡᠭᠦᠷ ᠵᠡᠷᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠦᠢᠯᠡᠰ ᠪᠣᠰᠬᠠᠬᠤ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ | ᠠᠬᠢᠭᠤᠯᠤᠨ᠎ᠠ᠃ ᠵᠢᠭᠡᠯᠡᠯᠭᠡ ᠶᠢᠨ ᠪᠠᠷᠢᠮᠵᠢᠶ᠎ᠠ ᠶᠢ ᠪᠠᠭᠤᠷᠠᠭᠤᠯᠬᠤ᠂ ᠢᠲᠡᠭᠡᠮᠵᠢ ᠣᠯᠭᠤᠬᠤ ᠬᠡᠮᠵᠢᠶ᠎ᠡ ᠶᠢ ᠳᠡᠭᠡᠭᠰᠢᠯᠡᠭᠦᠯᠭᠦ᠂ | ᠪᠠᠩᠬᠢ ᠬᠢᠭᠡᠳ ᠠᠵᠤ ᠠᠬᠤᠶᠢᠯᠠᠯ ᠢ ᠵᠣᠯᠭᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠦᠢᠯᠡᠰ ᠪᠣᠰᠬᠠᠭᠴᠢᠳ ᠲᠤ ᠪᠡᠯᠡ ᠮᠥᠩᠭᠦ ᠶᠢᠨ ᠪᠠᠲᠤᠯᠠᠭ᠎ᠠ | ᠬᠠᠩᠭᠠᠨ᠎ᠠ᠃ ᠲᠥᠷᠥᠯ ᠵᠦᠢᠯ ᠬᠢᠭᠡᠳ ᠪᠡᠯᠡ ᠬᠥᠷᠥᠩᠭᠡ᠂ ᠵᠠᠬ᠎ᠠ ᠳᠡᠯᠭᠡᠭᠦᠷ ᠤᠨ ᠭᠦᠨᠵᠡᠭᠡᠢ ᠪᠦᠲᠦᠮᠵᠢᠲᠡᠶ | ᠵᠣᠯᠭᠠᠭᠤᠯᠤᠯᠳᠠ ᠶᠢ ᠠᠬᠢᠭᠤᠯᠵᠤ᠂ ᠠᠵᠤ ᠦᠢᠯᠡᠰ ᠤᠨ ᠰᠢᠨ᠎ᠡ ᠶᠢ ᠡᠭᠦᠳᠦᠨ ᠲᠠᠰ ᠳᠡᠪᠰᠢᠬᠦ ᠶᠢ ᠠᠬᠢᠭᠤᠯᠤᠨ᠎ᠠ᠃ | ᠵᠡᠭᠦᠨ ᠪᠠᠷᠠᠭᠤᠨ ᠣᠷᠣᠨ ᠳᠤ ᠦᠢᠯᠡᠰ ᠪᠣᠰᠬᠠᠬᠤ ᠯᠧᠺᠲ᠋ᠣᠷ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ | ᠲᠤᠰᠬᠠᠶᠢᠵᠢᠭᠰᠠᠨ᠂ ᠥᠨᠳᠥᠷ ᠬᠢᠷᠢ ᠬᠡᠮᠵᠢᠶ᠎ᠡ ᠲᠠᠢ ᠮᠢᠩᠭᠠᠨ ᠪᠠᠭᠰᠢ ᠶᠢᠨ ᠡᠩᠨᠡᠭᠡ ᠶᠢ ᠪᠣᠶᠢᠵᠢᠭᠤᠯᠤᠨ᠎ᠠ᠃ ᠡᠯ᠎ᠡ | ᠭᠠᠵᠠᠷ ᠤᠨ ᠦᠢᠯᠡᠰ ᠪᠣᠰᠬᠠᠬᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠳᠠᠪᠠᠭᠤᠯᠢᠭ ᠢᠶᠠᠨ ᠬᠠᠷᠢᠯᠴᠠᠨ | ᠨᠥᠬᠦᠪᠦᠷᠢᠯᠡᠬᠦ ᠶᠢ ᠠᠬᠢᠭᠤᠯᠵᠤ᠂ ︽ᠨᠢᠭᠡ ᠭᠠᠵᠠᠷ ᠣᠷᠣᠨ ᠨᠢᠭᠡ ᠣᠨᠴᠠᠯᠢᠭ ᠲᠠᠢ︾ ᠦᠢᠯᠡᠰ ᠪᠣᠰᠬᠠᠬᠤ ᠲᠥᠷᠥᠯ | ᠲᠡᠮᠳᠡᠭ ᠢ ᠪᠤᠶ ᠪᠣᠯᠭᠠᠨ᠎ᠠ᠃ |