ᠬᠥᠪᠴᠢ ᠶᠢᠨ ᠡᠯᠡᠰᠦ ᠶᠢᠨ 500 ᠺᠢᠯᠦᠸᠤᠯᠲ ᠤᠨ ᠴᠠᠭᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠪᠠᠷᠢᠯᠭ᠎ᠠ ᠢᠳᠡ ᠭᠦᠭ ᠲᠠᠢ ᠠᠬᠢᠵᠤ ᠪᠤᠢ
ᠨᠡᠶᠢᠲᠡᠯᠡᠭᠰᠡᠨ ᠴᠠᠭ᠄
2025/4/15
      ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠠᠷᠢᠯᠭ᠎ᠠ ᠶᠢᠨ ᠲᠥᠷᠥᠯ ᠵᠦᠢᠯ ᠪᠤᠯᠬᠤ ᠬᠥᠪᠴᠢ ᠶᠢᠨ ᠡᠯᠡᠰᠦ ᠶᠢᠨ 500 ᠺᠢᠯᠦᠸᠤᠯᠲ ᠤᠨ ᠴᠠᠭᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠪᠠᠷᠢᠯᠭ᠎ᠠ ᠨᠢ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠲᠦᠷᠭᠡᠳᠬᠡᠨ ᠠᠬᠢᠭᠤᠯᠵᠤ᠂ 5 ᠰᠠᠷ᠎ᠠ ᠶᠢᠨ ᠰᠡᠭᠦᠯᠴᠢ  ᠪᠠᠷ ᠴᠠᠭᠢᠯᠭᠠᠨ ᠬᠦᠷᠭᠡᠬᠦ ᠶᠢ ᠪᠡᠶᠡᠯᠡᠭᠦᠯᠬᠦ ᠪᠠᠷ ᠬᠦᠴᠦᠯᠡᠵᠦ ᠪᠤᠢ᠃    ᠬᠥᠪᠴᠢ ᠶᠢᠨ ᠡᠯᠡᠰᠦ ᠶᠢᠨ 500 ᠺᠢᠯᠦᠸᠤᠯᠲ ᠤᠨ ᠴᠠᠭᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠪᠠᠷᠢᠯᠭ᠎ᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠶ ᠳᠤ ᠡᠯ᠎ᠡ ᠵᠦᠢᠯ ᠤᠨ ᠪᠠᠷᠢᠯᠭ᠎ᠠ ᠶᠢᠨ ᠮᠠᠰᠢᠨ ᠮᠧᠬᠠᠨᠢᠭ ᠬᠦᠷᠴᠢᠭᠢᠨᠡᠨ᠂ ᠠᠵᠢᠯᠴᠢᠳ ᠶᠠᠭᠠᠷᠠᠯᠲᠠᠢ ᠠᠵᠢᠯᠯᠠᠵᠤ ᠪᠠᠶᠢᠯ᠎ᠠ᠃    ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠬᠥᠪᠴᠢ ᠶᠢᠨ ᠡᠯᠡᠰᠦ ᠶᠢᠨ 500 ᠺᠢᠯᠦᠸᠤᠯᠲ ᠤᠨ ᠴᠠᠭᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠪᠠᠷᠢᠯᠭ᠎ᠠ ᠶᠢᠨ ᠲᠦᠷᠦᠯ ᠵᠦᠢᠯ ᠤᠨ ᠳᠠᠭᠠᠭᠠᠮᠠᠯ ᠭᠤᠤ ᠶᠤᠸᠠᠨ ᠤ ᠲᠠᠨᠢᠯᠴᠠᠭᠤᠯᠬᠤ ᠪᠠᠷ᠂ ᠣᠳᠣᠬᠠᠨ ᠳᠤ ᠶᠠᠭ ᠴᠠᠭᠢᠯᠭᠠᠨ ᠬᠡᠷᠡᠭᠰᠡᠯ ᠢ ᠤᠭᠰᠠᠷᠠᠬᠤ ᠪᠠ ᠲᠣᠬᠢᠷᠠᠭᠤᠯᠤᠨ ᠲᠤᠷᠰᠢᠬᠤ ᠠᠵᠢᠯ ᠢ ᠬᠢᠵᠦ ᠪᠤᠢ᠂ ᠪᠠᠷᠢᠯᠭ᠎ᠠ ᠶᠢᠨ ᠪᠦᠭᠦ ᠪᠠᠷᠢᠯᠭ᠎ᠠ ᠶᠢᠨ ᠬᠦᠴᠦᠳᠡᠯ ᠥᠭᠡᠷᠡᠴᠢᠯᠡᠬᠦ ᠬᠡᠰᠡᠭ ᠤᠨ 86% ᠶᠢ ᠨᠢᠭᠡᠨᠲᠡ ᠪᠡᠶᠡᠯᠡᠭᠦᠯᠵᠦ᠂ ᠲᠥᠬᠦᠭᠡᠷᠦᠮᠵᠢ ᠤᠭᠰᠠᠷᠠᠬᠤ ᠠᠵᠢᠯ ᠤᠨ 75% ᠶᠢ ᠪᠡᠶᠡᠯᠡᠭᠦᠯᠵᠦ᠂ 5 ᠰᠠᠷ᠎ᠠ ᠶᠢᠨ ᠰᠡᠭᠦᠯᠴᠢ ᠪᠠᠷ ᠪᠠᠷᠤᠭ ᠴᠠᠭᠢᠯᠭᠠᠨ ᠬᠦᠷᠭᠡᠬᠦ ᠶᠢ ᠪᠡᠶᠡᠯᠡᠭᠦᠯᠬᠦ ᠪᠣᠯᠣᠨ᠎ᠠ᠃    ᠣᠶᠢᠯᠠᠭᠠᠭᠰᠠᠨ ᠢᠶᠠᠷ᠂ ᠬᠥᠪᠴᠢ ᠶᠢᠨ ᠡᠯᠡᠰᠦ ᠶᠢᠨ 500 ᠺᠢᠯᠦᠸᠤᠯᠲ ᠤᠨ ᠴᠠᠭᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠪᠠᠷᠢᠯᠭ᠎ᠠ ᠪᠣᠯ ᠥᠪᠥᠷ ᠮᠣᠩᠭᠤᠯ ᠣᠷᠣᠨ ᠤ ᠨᠢᠭᠡᠯᠡ ᠳᠣᠣᠷ᠎ᠠ ᠪᠦᠲᠦᠭᠡᠨ ᠪᠠᠶᠢᠭᠤᠯᠵᠤ ᠪᠠᠶᠢᠭ᠎ᠠ ᠬᠡᠪᠴᠢᠶ᠎ᠡ ᠪᠠᠷ ᠨᠡᠯᠢᠶᠡᠳ ᠶᠡᠭᠡ ᠰᠢᠨ᠎ᠡ ᠡᠨᠧᠷᠭᠢ ᠶᠢᠨ ᠲᠥᠪᠯᠡᠷᠡᠯ ᠥᠷᠲᠡᠭᠡ ᠪᠣᠯᠣᠨ᠎ᠠ᠂ ᠲᠣᠰ ᠬᠤᠭᠤᠴᠠᠭᠠᠨ ᠳᠤ ᠰᠢᠨ᠎ᠡ ᠪᠠᠷ 4 ᠰᠠᠤᠷᠢ 1200 ᠰᠠᠶ᠎ᠠ ᠸᠣᠯᠲ ᠤᠨ ᠭᠤᠣᠯ ᠬᠦᠴᠦᠳᠡᠯ ᠥᠭᠡᠷᠡᠴᠢᠯᠡᠭᠴᠢ ᠪᠣᠯᠣᠨ 500 ᠺᠢᠯᠦᠸᠤᠯᠲ ᠤᠨ ᠴᠠᠭᠢᠯᠭᠠᠨ ᠬᠦᠷᠭᠡᠬᠦ ᠱᠤᠭᠤᠮ ᠢ 4 ᠰᠢᠨ᠎ᠡ ᠪᠠᠷ ᠪᠠᠶᠢᠭᠤᠯᠬᠤ ᠶᠢᠨ ᠬᠠᠮᠲᠤ᠂ 220 ᠺᠢᠯᠤᠸᠤᠯᠲ ᠤᠨ ᠴᠠᠭᠢᠯᠭᠠᠨ ᠱᠤᠭᠤᠮ ᠢ ᠬᠤᠸᠠ ᠨᠧᠩ ᠤᠨ ᠰᠢᠨ᠎ᠡ ᠡᠨᠧᠷᠭᠢ ᠶᠢᠨ ᠰᠠᠭᠤᠷᠢᠨ ᠲᠠᠢ ᠬᠤᠯᠪᠣᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠤᠨ᠎ᠠ᠃ ᠲᠣᠰ ᠲᠥᠷᠥᠯ ᠵᠦᠢᠯ ᠪᠣᠯ ᠮᠠᠨ ᠤ ᠤᠯᠤᠰ ᠤᠨ ᠡᠯᠡᠰᠦ ᠮᠠᠩᠬ᠎ᠠ᠂ ᠭᠤᠪᠢ᠂ ᠡᠯᠡᠰᠦᠨ ᠴᠥᠯ ᠤᠨ ᠭᠠᠵᠠᠷ ᠣᠷᠣᠨ ᠢᠶᠠᠷ ᠭᠤᠣᠯᠳᠠᠯᠭ᠎ᠠ ᠪᠤᠯᠭᠠᠬᠰᠠᠨ ᠲᠣᠮᠣ ᠭᠡᠯᠪᠡᠷᠢ ᠶᠢᠨ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠭᠡᠷᠡᠯᠴᠢ ᠴᠡᠨᠡᠭ ᠤᠨ ᠰᠠᠭᠤᠷᠢᠨ ᠢ ᠲᠥᠯᠥᠪᠵᠢᠭᠦᠯᠦᠨ ᠪᠠᠶᠢᠷᠢᠰᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ︽ᠬᠤᠣᠰ ᠨᠡᠭᠦᠷᠡᠰᠦᠲᠥᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠣᠯᠣᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 7.78 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ 3.64 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠡᠨᠡ ᠵᠢᠯ ᠤᠨ ᠳᠣᠲᠣᠷ᠎ᠠ 2.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠶ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号