ᠰᠠᠶᠢᠬᠠᠨ ᠲᠣᠭᠤᠷᠢᠭ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/4/16
      ᠠᠵᠢᠯᠯᠠᠬᠤ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠠᠵᠢᠯᠯᠠᠬᠤ ᠲᠣᠭᠤᠷᠢᠭ ᠤᠨ ᠺᠠᠳ᠋ᠷ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠵᠦ᠂ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ 4 ᠰᠠᠷ᠎ᠠ ᠶᠢᠨ 10 ᠤ ᠦᠳᠡ ᠶᠢᠨ ᠬᠤᠶᠢᠨ᠎ᠠ᠂ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠠᠰᠠᠷ ᠲᠤ ᠰᠠᠭᠤᠭ᠎ᠠ ᠨᠢᠭᠡᠴᠡ᠂ ᠠᠯᠪᠠᠨ ᠶᠠᠪᠤᠳᠠᠯ ᠤᠨ ᠲᠡᠷᠭᠡᠨ ᠠᠩᠭᠢ᠂ ᠠᠯᠪᠠᠯᠠᠬᠤ ᠲᠣᠭᠤᠷᠢᠭ ᠤᠨ ᠠᠳᠠᠯ ᠠᠬᠤᠢ᠂ ᠬᠤᠭᠤᠯᠠᠨ ᠭᠡᠷ ᠤᠨ ᠪᠥᠬᠦ ᠠᠵᠢᠯᠲᠠᠳ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠮᠡᠳᠡᠯᠭᠡ ᠶᠢᠨ ᠪᠣᠯᠪᠠᠰᠤᠷᠠᠭᠤᠯᠤᠯ ᠪᠠ ᠭᠠᠯ ᠤᠨᠲᠠᠷᠠᠭᠠᠬᠤ ᠪᠣᠳᠠᠲᠤ ᠪᠣᠯᠪᠠᠰᠤᠷᠠᠯ ᠤᠨ ᠰᠣᠷᠢᠯᠲᠠ ᠶᠢ ᠥᠷᠨᠢᠭᠦᠯᠵᠦ᠂ ᠰᠠᠶᠢᠬᠠᠨ ᠭᠠᠯ ᠤᠨᠲᠠᠷᠠᠭᠠᠬᠤ ᠶᠡᠭᠡ ᠠᠩᠭᠢ ᠶᠢᠨ ᠱᠠᠨ ᠳ᠋ᠠᠨ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ ᠶᠢᠨ ᠳᠡᠳ᠋ ᠳᠠᠷᠤᠭ᠎ᠠ ᠯᠢ ᠱᠤᠸᠠᠢ ᠶᠢ ᠤᠷᠢᠵᠤ ᠬᠠᠪᠰᠤᠷᠤᠨ ᠵᠢᠯᠤᠭᠤᠳᠴᠤ ᠬᠢᠴᠢᠶᠡᠯᠯᠡᠬᠦ ᠪᠠ ᠰᠣᠷᠢᠯᠲᠠ ᠶᠢᠨ ᠵᠢᠯᠣᠭᠤᠳᠤᠯᠭ᠎ᠠ ᠬᠢᠪᠡ᠃      ᠪᠣᠯᠪᠠᠰᠤᠷᠠᠭᠤᠯᠤᠯ ᠤᠨ ᠭᠤᠭᠴᠤᠭ᠎ᠠ ᠳᠤ᠂ ᠣᠨᠣᠯ ᠤᠨ ᠲᠠᠶᠢᠯᠤᠮᠵᠢ ᠪᠠ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ᠂ ᠭᠠᠯ ᠤᠨ ᠭᠠᠮᠰᠢᠭ ᠤᠨ ᠡᠭᠦᠰᠦᠭᠰᠡᠨ ᠰᠢᠯᠲᠠᠭᠠᠨ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ᠂ ᠠᠮᠢ ᠵᠢᠭᠤᠲᠠᠬᠤ ᠤᠷ᠎ᠠ ᠮᠡᠷᠭᠡᠵᠢᠯ ᠵᠢᠴᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠠᠷᠬᠠᠭᠠᠬᠤ ᠵᠥᠪ ᠣᠨᠣᠪᠴᠢᠲᠠᠶ ᠬᠡᠷᠡᠭᠯᠡᠬᠦ ᠠᠷᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠣᠳᠤᠷᠬᠠᠶᠢᠯᠠᠪᠠ᠃ ᠪᠣᠯᠪᠠᠰᠤᠷᠠᠯ ᠤᠨ ᠰᠢᠭᠤᠳ ᠦᠵᠡᠭᠦᠯᠬᠦ ᠴᠢᠨᠠᠷ ᠪᠠ ᠬᠠᠷᠢᠯᠴᠠᠨ ᠬᠥᠳᠡᠯᠦᠯᠴᠡᠬᠦ ᠴᠢᠨᠠᠷ ᠢ ᠴᠢᠩᠭᠠᠳᠬᠠᠬᠤ ᠶᠢᠨ ᠲᠥᠯᠥᠭᠡ᠂ ᠬᠤᠷᠠᠯ ᠳᠤ ᠣᠷᠣᠯᠴᠠᠭᠰᠠᠳ ᠤᠨ ᠭᠠᠯ ᠤᠨᠲᠠᠷᠠᠭᠠᠬᠤ ᠲᠡᠷᠭᠡ ᠶᠢ ᠲᠣᠭᠤᠷᠢᠨ ᠦᠵᠡᠬᠦ ᠭᠤᠭᠴᠤᠭ᠎ᠠ ᠶᠢ ᠣᠨᠴᠠᠭᠠᠶᠢᠯᠠᠨ ᠲᠣᠬᠢᠷᠠᠭᠤᠯᠵᠠᠢ᠃ ᠭᠠᠯ ᠤᠨᠲᠠᠷᠠᠭᠠᠭᠴᠢ ᠭᠠᠯ ᠤᠨᠲᠠᠷᠠᠭᠠᠬᠤ ᠲᠡᠷᠭᠡ ᠪᠣᠯᠣᠨ ᠪᠠᠭᠠᠵᠢ ᠬᠡᠷᠡᠭᠰᠡᠯ ᠲᠣᠨᠣᠭᠯᠠᠯ ᠤᠨ ᠠᠵᠢᠯᠯᠠᠭ᠎ᠠ ᠶᠢ ᠲᠤᠬᠠᠢ ᠶᠢᠨ ᠲᠠᠯᠠᠪᠠᠶ ᠳᠤ ᠦᠵᠡᠭᠦᠯᠦᠭᠰᠡᠨ ᠪᠥᠭᠡᠳ ᠲᠡᠳᠡᠨ ᠤ ᠨᠡᠷᠡᠶᠢᠳᠦᠯ᠂ ᠴᠢᠳᠠᠪᠤᠷᠢ᠂ ᠠᠵᠢᠯᠯᠠᠬᠤ ᠦᠨᠳᠦᠰᠦᠯᠡᠯ᠂ ᠬᠡᠷᠡᠭᠯᠡᠬᠦ ᠠᠷᠭ᠎ᠠ ᠵᠢᠴᠢ ᠬᠡᠷᠡᠭᠯᠡᠬᠦ ᠨᠥᠬᠦᠴᠡᠯ ᠢ ᠨᠠᠷᠢᠨ ᠲᠠᠨᠢᠯᠴᠠᠭᠤᠯᠵᠤ᠂ ᠣᠯᠠᠨ ᠢᠶᠠᠷ ᠢᠶᠠᠨ ᠣᠯᠣᠯᠲᠠ ᠲᠠᠢ  ᠪᠠᠶᠢᠨ᠎ᠠ ᠭᠡᠵᠦ ᠢᠯᠡᠷᠬᠡᠶᠢᠯᠡᠵᠡᠢ᠃
图片2.png
     ᠪᠣᠯᠪᠠᠰᠤᠷᠠᠭᠤᠯᠤᠯ ᠳᠤ ᠣᠷᠣᠯᠴᠠᠭᠰᠠᠳ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠤᠷ᠎ᠠ ᠮᠡᠷᠭᠡᠵᠢᠯ ᠢ ᠪᠣᠯᠪᠠᠰᠤᠷᠠᠩᠭᠤᠢ ᠡᠵᠡᠮᠰᠢᠬᠦ ᠶᠢ ᠪᠠᠲᠤᠯᠠᠬᠤ ᠶᠢᠨ ᠲᠥᠯᠥᠭᠡ᠂ ᠪᠣᠯᠪᠠᠰᠤᠷᠠᠭᠤᠯᠤᠯ ᠳᠤ ᠪᠠᠰᠠ ᠪᠣᠳᠠᠲᠠᠢ ᠪᠣᠯᠪᠠᠰᠤᠷᠠᠯ ᠤᠨ ᠭᠤᠭᠴᠤᠭ᠎ᠠ ᠭᠠᠷᠭᠠᠪᠠ᠃ ᠭᠠᠯ ᠤᠨᠲᠠᠷᠠᠭᠠᠭᠴᠢ ᠶᠢᠨ ᠵᠢᠯᠣᠭᠤᠳᠤᠯᠭ᠎ᠠ ᠳᠣᠣᠷ᠎ᠠ᠂ ᠪᠣᠯᠪᠠᠰᠤᠷᠠᠯ ᠳᠤ ᠣᠷᠣᠯᠴᠠᠭᠰᠠᠳ ᠦᠷᠭᠦᠯᠵᠢ ᠬᠡᠷᠡᠭᠯᠡᠳᠡᠭ ᠭᠠᠯ ᠤᠨᠲᠠᠷᠠᠭᠠᠬᠤ ᠲᠥᠬᠦᠭᠡᠷᠦᠮᠵᠢ ᠪᠠ ᠪᠠᠭᠠᠵᠢ ᠬᠡᠷᠡᠭᠰᠡᠯ ᠢ ᠪᠡᠶ᠎ᠡ ᠪᠠᠷ ᠢᠶᠠᠨ ᠠᠵᠢᠯᠯᠠᠭᠤᠯᠵᠤ᠂ ᠦᠢᠯᠡᠳᠦᠯᠭᠡ ᠪᠠᠷ ᠳᠠᠮᠵᠢᠭᠤᠯᠤᠨ ᠭᠠᠯ ᠤᠨᠲᠠᠷᠠᠭᠠᠬᠤ ᠮᠡᠳᠡᠯᠭᠡ ᠶᠢᠨ ᠲᠤᠬᠠᠢ ᠣᠶᠢᠯᠠᠭᠠᠯᠲᠠ ᠪᠠ ᠡᠵᠡᠮᠳᠡᠯ ᠢᠶᠠᠨ ᠭᠦᠨᠵᠡᠭᠡᠶᠢᠷᠡᠭᠦᠯᠪᠡ᠃     ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠬᠢᠭᠡᠳ ᠰᠠᠶᠢᠬᠠᠨ ᠲᠣᠭᠤᠷᠢᠭ ᠤᠨ ᠭᠠᠯ ᠤᠨᠲᠠᠷᠠᠭᠠᠬᠤ ᠰᠠᠯᠪᠤᠷᠢ ᠠᠩᠭᠢ ᠬᠠᠮᠲᠤᠷᠠᠨ ᠠᠵᠢᠯᠯᠠᠬᠤ ᠲᠣᠭᠤᠷᠢᠭ᠂ ᠬᠤᠭᠤᠯᠠᠨ ᠭᠡᠷ᠂ ᠮᠠᠰᠢᠨ ᠤ ᠥᠷᠥᠭᠡ ᠵᠡᠷᠭᠡ ᠵᠠᠩᠭᠢᠯᠠᠭ᠎ᠠ ᠶᠢᠨ ᠣᠷᠣᠨ ᠪᠦᠰᠡ ᠶᠢᠨ ᠭᠠᠯ ᠤᠨᠲᠠᠷᠠᠭᠠᠬᠤ ᠲᠥᠬᠦᠭᠡᠷᠦᠮᠵᠢ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠪᠣᠶ ᠪᠦᠬᠦᠢ ᠲᠥᠬᠦᠭᠡᠷᠦᠮᠵᠢ ᠶᠢᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠵᠤ᠂ ᠵᠠᠩᠭᠢᠯᠠᠭ᠎ᠠ ᠶᠢᠨ ᠴᠠᠭ ᠦᠶ᠎ᠡ ᠳᠤ ᠪᠠᠶᠢᠪᠠᠰᠤ ᠵᠣᠬᠢᠬᠤ ᠦᠢᠯᠡᠳᠦᠯ ᠢᠶᠠᠨ ᠪᠠᠳᠠᠷᠠᠭᠤᠯᠵᠤ ᠴᠢᠳᠠᠨ᠎ᠠ᠃        ᠲᠣᠰ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠨᠢ ᠺᠠᠳ᠋ᠷ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠲᠡᠳᠡᠨ ᠤ ᠭᠠᠯ ᠤᠨ ᠠᠶᠤᠯ ᠢ ᠰᠡᠷᠭᠡᠶᠢᠯᠡᠬᠦ᠂ ᠭᠡᠨᠡᠳᠲᠡ ᠶᠢᠨ ᠬᠡᠷᠡᠭ ᠢ ᠠᠷᠭᠠᠴᠠᠬᠤ ᠵᠢᠴᠢ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠲᠡᠷᠢᠭᠦᠨ ᠪᠠᠶᠢᠷᠢᠨ ᠳᠤ ᠲᠠᠯᠪᠢᠵᠤ᠂ ᠲᠣᠭᠤᠷᠢᠭ ᠤᠨ ᠵᠠᠰᠠᠭ ᠤᠨ ᠣᠷᠳᠣᠨ ᠤ ᠲᠣᠮᠣ ᠬᠦᠷᠢᠶ᠎ᠡ ᠪᠠ ᠠᠯᠪᠠᠨ ᠠᠰᠠᠷ ᠤᠨ ᠡᠯ᠎ᠡ ᠵᠦᠢᠯ ᠤᠨ ᠭᠠᠯ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠲᠠ ᠦᠭᠡᠢ ᠪᠠᠬᠢᠵᠢᠭᠦᠯᠵᠦ᠂ ᠨᠡᠩ ᠠᠮᠤᠷ ᠲᠦᠪᠰᠢᠨ᠂ ᠡᠶ᠎ᠡ ᠵᠣᠬᠢᠴᠠᠩᠭᠤᠢ ᠠᠵᠢᠯᠯᠠᠬᠤ ᠣᠷᠴᠢᠨ ᠲᠣᠭᠤᠷᠢᠨ ᠢ ᠪᠤᠢ ᠪᠣᠯᠭᠠᠨ᠎ᠠ᠃           ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号