ᠬᠦᠬᠡᠬᠤᠲᠠ 2025 ᠣᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/16
      ︵ᠳᠠᠳᠤᠯᠭ᠎ᠠ ᠶᠢᠨ ᠰᠤᠷᠪᠤᠯᠵᠢᠯᠠᠭᠴᠢ ᠢᠦᠢ ᠮᠧᠩ ᠶᠤᠸᠠᠨ︶ ᠡᠨᠡ ᠵᠢᠯ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠶᠢ ᠨᠡᠶᠢᠲᠡᠯᠡᠭᠰᠡᠨ 10 ᠵᠢᠯ ᠤᠨ ᠣᠶ ᠪᠣᠯᠣᠨ᠎ᠠ᠂ 4 ᠳ᠋ᠦ᠋ᠭᠡᠷ ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ᠬᠥᠬᠡᠬᠤᠲᠠ ᠶᠢᠨ 2025 ᠣᠨ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠪᠥᠷ ᠮᠣᠩᠭᠤᠯ ᠤᠨ ᠮᠦᠽᠧᠢ ᠶᠢᠨ ᠡᠮᠦᠨ᠎ᠡ ᠲᠠᠯᠠᠪᠠᠶ ᠳᠤ ᠶᠠᠪᠤᠭᠳᠠᠪᠠ᠃            ᠠᠵᠢᠯᠯᠠᠭ᠎ᠠ ᠨᠢ ᠬᠠᠤᠯᠢᠵᠢᠯ ᠤᠨ ᠤᠯᠠᠭᠠᠨᠮᠥ᠋ᠴᠢᠷ ᠤᠨ ᠭᠤᠶᠢᠳᠠ ᠰᠠᠶᠢᠬᠠᠨ ᠲᠣᠭᠯᠠᠯᠲᠠ ᠪᠠᠷ ᠬᠥᠰᠢᠭᠡ ᠪᠠᠨ ᠰᠡᠬᠦᠵᠦ᠂ ᠬᠤᠳᠠ ᠶᠢᠨ ᠬᠤᠣᠷ ᠲᠠᠲᠠᠬᠤ ᠶᠢ ᠠᠯᠪᠠᠳᠠᠨ ᠴᠡᠭᠡᠷᠯᠡᠭᠦᠯᠬᠦ ᠭᠠᠵᠠᠷ᠂ ᠤᠮᠠᠷᠠᠲᠤ ᠬᠢᠯᠢ ᠶᠢᠨ ᠠᠯᠪᠠᠨ ᠭᠡᠷᠡᠴᠢᠯᠡᠭᠡ ᠶᠢᠨ ᠭᠠᠵᠠᠷ ᠵᠡᠷᠭᠡ ᠨᠢᠭᠡᠴᠢ ᠶᠢᠨ ᠠᠵᠢᠯᠲᠠᠳ ᠳᠠᠭᠤᠤ ᠳᠠᠭᠤᠯᠠᠬᠤ᠂ ᠰᠢᠯᠦᠭ ᠤᠶᠠᠩᠭᠠᠯᠠᠬᠤ ᠵᠡᠷᠭᠡ ᠬᠡᠯᠪᠡᠷᠢ ᠪᠠᠷ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ᠃            ᠲᠤᠬᠠᠢ ᠶᠢᠨ ᠲᠠᠯᠠᠪᠠᠢ ᠳᠤ ᠪᠠᠰᠠ ᠤᠬᠠᠭᠤᠯᠭ᠎ᠠ ᠶᠢᠨ ᠲᠠᠪᠴᠠᠩ᠂ ᠦᠵᠡᠭᠦᠯᠭᠡ ᠶᠢᠨ ᠰᠠᠮᠪᠠᠷ᠎ᠠ ᠲᠣᠬᠢᠷᠠᠭᠤᠯᠵᠤ᠂ ᠠᠵᠢᠯᠲᠠᠳ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠲᠠᠢ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠬᠠᠯᠠᠮᠰᠢᠯ ᠠᠰᠠᠭᠤᠳᠠᠯ ᠤᠨ ᠲᠤᠬᠠᠢ ᠲᠤᠰᠬᠠᠢ ᠮᠡᠷᠭᠡᠵᠢᠯ ᠤᠨ ᠵᠥᠪᠯᠡᠯᠭᠡ ᠬᠠᠩᠭᠠᠵᠠᠢ᠃ ︽ᠬᠥᠬᠡᠬᠤᠲᠠ ᠶᠢᠨ ᠬᠠᠤᠯᠢ ᠴᠠᠭᠠᠵᠠ ᠶᠢᠨ ᠨᠡᠪᠲᠡᠷᠬᠡᠢ︾ ᠸᠢᠴᠠᠲ ᠤᠨ ᠵᠢᠵᠢᠭ ᠫᠷᠣᠭ᠍ᠷᠠᠮ ᠲᠠᠪᠴᠠᠩ ᠪᠠᠰᠠ ︽ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠪᠣᠭᠤᠮᠲᠠ ᠳᠠᠪᠠᠭᠤ︾ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号