7 ᠵᠦᠢᠯ ᠤᠨ ᠦᠢᠯᠡᠴᠢᠯᠡᠭᠡ ᠪᠠᠷ ᠦᠢᠯᠡᠰ ᠪᠣᠰᠬᠠᠬᠤ ᠶᠢ ᠳᠡᠮᠵᠢᠨ᠎ᠡ
ᠨᠡᠶᠢᠲᠡᠯᠡᠭᠰᠡᠨ ᠴᠠᠭ᠄
2025/4/16
      ᠰᠤᠷᠪᠤᠯᠵᠢᠯᠠᠬᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠮᠠᠨ ᠤ ᠣᠷᠣᠨ ︽︿ᠤᠮᠠᠷᠠᠲᠤ ᠬᠢᠯᠢ ᠶᠢ  ᠮᠠᠨᠳᠤᠭᠤᠯᠬᠤ﹀ ᠦᠢᠯᠡᠰ ᠪᠣᠰᠬᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠳᠡᠮᠵᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ ᠪᠤᠴᠠᠭᠰᠠᠨ ᠬᠥᠯᠥᠰᠦᠨ ᠲᠠᠷᠢᠶᠠᠴᠢᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ 7 ᠵᠦᠢᠯ ᠤᠨ ᠦᠢᠯᠡᠰ ᠪᠣᠰᠬᠠᠬᠤ ᠦᠢᠯᠡᠴᠢᠯᠡᠭᠡ ᠶᠢ ᠬᠡᠷᠡᠭᠵᠢᠭᠦᠯᠦᠨ᠂ ︽ᠦᠢᠯᠡᠰ ᠪᠣᠰᠬᠠᠬᠤ ᠪᠣᠯᠪᠠᠰᠤᠷᠠᠯ᠂ ᠦᠢᠯᠡᠰ ᠪᠣᠰᠬᠠᠬᠤ ᠦᠢᠯᠡᠴᠢᠯᠡᠭᠡ᠂ ᠦᠢᠯᠡᠰ ᠪᠣᠰᠬᠠᠬᠤ ᠨᠡᠪᠴᠢᠭᠦᠯᠦᠯᠲᠡ᠂ ᠦᠢᠯᠡᠰ ᠪᠣᠰᠬᠠᠬᠤ ᠠᠵᠢᠯᠯᠠᠭ᠎ᠠ︾ ᠶᠢᠨ ᠳᠥᠷᠪᠡᠨ ᠡᠭᠦᠳᠦᠯᠲᠡ ᠶᠢᠨ ᠬᠤᠯᠪᠤᠭᠠᠯᠠᠨ ᠳᠡᠮᠵᠢᠬᠦ ᠰᠢᠰᠲ᠋ᠧᠮ ᠢ ᠪᠦᠭᠦ ᠬᠦᠴᠦᠨ ᠢᠶᠠᠷ ᠢᠶᠠᠨ ᠪᠠᠶᠢᠭᠤᠯᠵᠤ᠂ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠪᠦᠭᠦ ᠲᠠᠯ᠎ᠠ ᠪᠠᠷ ᠬᠥᠭᠵᠢᠭᠡᠨ᠂ ᠴᠢᠨᠠᠷ ᠰᠠᠶᠢᠲᠠᠢ ᠠᠵᠢᠯ ᠣᠯᠭᠤᠯᠲᠠ ᠳᠤ ᠬᠦᠴᠦᠨ ᠨᠡᠮᠡᠷᠢᠯᠡᠨ᠎ᠡ ᠭᠡᠵᠦ ᠲᠣᠳᠣᠷᠬᠠᠢ ᠲᠣᠭᠲᠠᠭᠠᠪᠠ᠃ ᠠᠵᠢᠯᠯᠠᠭ᠎ᠠ ᠨᠢ 12 ᠰᠠᠷ᠎ᠠ ᠶᠢᠨ ᠰᠡᠭᠦᠯᠴᠢ ᠪᠤᠯᠲᠠᠯ᠎ᠠ ᠦᠷᠭᠦᠯᠵᠢᠯᠡᠨ᠎ᠡ᠃    ᠣᠶᠢᠯᠠᠭᠠᠭᠰᠠᠨ ᠢᠶᠠᠷ᠂ 7 ᠵᠦᠢᠯ ᠤᠨ ᠦᠢᠯᠡᠰ ᠪᠣᠰᠬᠠᠬᠤ ᠦᠢᠯᠡᠴᠢᠯᠡᠭᠡ ᠨᠢ ᠲᠣᠰ ᠲᠤᠰ ᠤᠬᠠᠭᠤᠯᠭ᠎ᠠ ᠶᠢᠨ ᠵᠢᠭᠰᠠᠭᠠᠯ ᠪᠠᠶᠢᠭᠤᠯᠬᠤ᠂ ᠦᠢᠯᠡᠰ ᠪᠣᠰᠬᠠᠬᠤ ᠶᠢ ᠵᠢᠯᠤᠭᠤᠳᠬᠤ ᠲᠤᠰᠬᠠᠢ ᠮᠡᠷᠭᠡᠵᠢᠯᠲᠡᠨ ᠲᠣᠭᠤᠷᠢᠨ ᠣᠨᠣᠰᠢᠯᠠᠯᠲᠠ᠂ ︽ᠰᠠᠶᠢᠨ ᠡᠬᠢ ᠰᠤᠷᠪᠤᠯᠵᠢ ᠠᠴᠠ ᠰᠠᠶᠢᠨ ᠦᠢᠯᠡᠰ ᠪᠣᠰᠬᠠᠬᠤ︾ ᠡᠬᠢ ᠪᠠᠶᠠᠯᠢᠭ ᠤᠨ ᠵᠣᠯᠭᠠᠭᠤᠯᠤᠯᠲᠠ᠂ ︽ᠵᠢᠭᠡᠯᠡᠯᠭᠡ ᠪᠠᠷ ᠦᠢᠯᠡᠰ ᠪᠣᠰᠬᠠᠬᠤ ᠶᠢ ᠳᠡᠮᠵᠢᠬᠦ︾ ᠰᠢᠷᠢᠰ ᠠᠵᠢᠯᠯᠠᠭ᠎ᠠ᠂ ᠦᠢᠯᠡᠰ ᠪᠣᠰᠬᠠᠬᠤ ᠲᠥᠷᠥᠯ ᠵᠦᠢᠯ ᠤᠨ ᠦᠵᠡᠭᠦᠯᠦᠯᠲᠡ᠂ ᠦᠢᠯᠡᠰ ᠪᠣᠰᠬᠠᠬᠤ ᠪᠣᠯᠪᠠᠰᠤᠷᠠᠯ ᠤᠨ ᠪᠠᠭᠰᠢ ᠶᠢᠨ ᠡᠩᠨᠡᠭᠡᠨ ᠤ ᠰᠣᠯᠢᠯᠴᠠᠭ᠎ᠠ᠂ ᠣᠷᠣᠨ ᠪᠦᠰᠡ ᠶᠢᠨ ᠦᠢᠯᠡᠰ ᠪᠣᠰᠬᠠᠬᠤ ᠬᠤᠯᠪᠣᠭᠠᠯᠠᠯ ᠢ ᠴᠣᠭᠴᠠᠯᠠᠬᠤ ᠵᠡᠷᠭᠡ ᠪᠣᠯᠣᠨ᠎ᠠ᠃ ᠪᠣᠳᠠᠲᠠᠢ ᠪᠠᠷ ᠬᠡᠯᠡᠪᠡᠯ᠄ ᠣᠬᠤᠷ ᠸᠢᠳᠢᠤ᠋᠂ ᠬᠠᠮ ᠵᠠᠭᠤᠴᠢᠯᠠᠭᠤᠷ ᠵᠡᠷᠭᠡ ᠰᠢᠨ᠎ᠡ ᠶᠢ ᠡᠭᠦᠳᠬᠦ ᠭᠡᠯᠪᠡᠷᠢ ᠶᠢ ᠠᠰᠢᠭᠯᠠᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠨᠠᠩ ᠠᠮᠢᠳᠤᠯᠢᠭ ᠲᠥᠭᠦᠮ ᠠᠷᠭ᠎ᠠ ᠮᠠᠶ᠋ᠢᠭ ᠢᠶᠠᠷ ᠦᠢᠯᠡᠰ ᠪᠣᠰᠬᠠᠭᠴᠢᠳ ᠲᠤ ᠬᠦᠷᠭᠡᠵᠦ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ︔12 ᠠᠶᠢᠮᠠᠭ ᠬᠤᠲᠠ ᠳᠤ ᠦᠢᠯᠡᠰ ᠪᠣᠰᠬᠠᠬᠤ ᠲᠤᠰᠬᠠᠢ ᠮᠡᠷᠭᠡᠵᠢᠯᠲᠡᠨ ᠢ ᠭᠦᠨᠵᠡᠭᠡᠶᠢᠷᠡᠭᠦᠯᠦᠨ ︽ᠠᠰ ᠠᠰ ᠲᠤᠨᠢ︾ ᠭᠦᠨᠵᠡᠭᠡᠢ ᠬᠠᠪᠰᠤᠷᠤᠨ ᠲᠡᠳᠬᠦᠬᠦ ᠠᠵᠢᠯ ᠥᠷᠨᠢᠭᠦᠯᠵᠦ᠂ ᠦᠢᠯᠡᠰ ᠪᠣᠰᠬᠠᠭᠴᠢᠳ ᠲᠤ ᠨᠢᠭᠤᠷᠳᠠᠭᠰᠠᠨ᠂ ᠬᠠᠨᠳᠤᠯᠭᠠᠲᠤ ᠴᠢᠨᠠᠷᠲᠠᠢ ᠲᠤᠰᠬᠠᠢ ᠵᠢᠯᠣᠭᠤᠳᠤᠯᠭ᠎ᠠ ᠬᠠᠩᠭᠠᠨ᠎ᠠ︔ ᠦᠢᠯᠡᠰ ᠪᠣᠰᠬᠠᠭᠴᠢᠳ ᠤᠨ ᠲᠠᠯᠠᠪᠤᠷ ᠭᠠᠵᠠᠷ᠂ ᠪᠡᠯᠡ ᠮᠥᠩᠭᠦ᠂ ᠵᠠᠬ᠎ᠠ ᠳᠡᠯᠭᠡᠭᠦᠷ ᠵᠡᠷᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠡᠯ᠎ᠡ ᠵᠦᠢᠯ ᠤᠨ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠠᠬᠢᠭᠤᠯᠤᠨ᠎ᠠ︔ᠵᠢᠭᠡᠯᠡᠬᠦ ᠵᠢᠭᠡᠯᠡᠯᠭᠡ ᠶᠢᠨ ᠱᠠᠭᠠᠷᠳᠠᠯᠭ᠎ᠠ ᠶᠢ ᠳᠣᠷᠣᠭᠰᠢᠯᠠᠭᠤᠯᠬᠤ᠂ ᠢᠲᠡᠭᠡᠮᠵᠢ ᠶᠢᠨ ᠵᠢᠭᠡᠯᠡᠯᠭᠡ ᠣᠯᠭᠤᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠭᠦ᠂ ᠪᠠᠩᠬᠢ ᠠᠵᠤ ᠠᠬᠤᠶᠢᠯᠠᠯ ᠢ ᠵᠣᠯᠭᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠢᠯᠡᠰ ᠪᠣᠰᠬᠠᠭᠴᠢᠳ ᠲᠤ ᠪᠡᠯᠡ ᠮᠥᠩᠭᠦ ᠶᠢᠨ ᠥᠮᠥᠭ ᠲᠦᠰᠢᠭ ᠬᠠᠩᠭᠠᠨ᠎ᠠ︔ ᠲᠥᠷᠥᠯ ᠵᠦᠢᠯ ᠢ ᠬᠥᠷᠥᠩᠭᠡ᠂ ᠵᠠᠬ᠎ᠠ ᠳᠡᠯᠭᠡᠭᠦᠷ ᠯᠦᠭᠡ ᠭᠦᠨᠴᠡ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠰᠢᠨ᠎ᠡ ᠶᠢ ᠡᠭᠦᠳᠦᠨ ᠲᠠᠰ ᠳᠡᠪᠰᠢᠬᠦ ᠶᠢ ᠠᠬᠢᠭᠤᠯᠤᠨ᠎ᠠ︔ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠳᠤ ᠦᠢᠯᠡᠰ ᠪᠣᠰᠬᠠᠬᠤ ᠪᠣᠯᠪᠠᠰᠤᠷᠠᠯ ᠤᠨ ᠪᠠᠭᠰᠢ ᠶᠢᠨ ᠡᠩᠨᠡᠭᠡᠨ ᠤ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ ᠲᠤᠰᠬᠠᠶᠢᠵᠢᠭᠰᠠᠨ᠂ ᠥᠨᠳᠥᠷ ᠬᠢᠷᠢ ᠲᠦᠪᠰᠢᠨ ᠲᠠᠢ ᠮᠢᠩᠭᠠᠨ ᠪᠠᠭᠰᠢ ᠶᠢᠨ ᠡᠩᠨᠡᠭᠡ ᠶᠢ ᠪᠣᠶᠢᠵᠢᠭᠤᠯᠤᠨ᠎ᠠ︔ ᠡᠯ᠎ᠡ ᠭᠠᠵᠠᠷ ᠤᠨ ᠦᠢᠯᠡᠰ ᠪᠣᠰᠬᠠᠬᠤ ᠡᠬᠢ ᠪᠠᠶᠠᠯᠢᠭ ᠢ ᠬᠠᠮᠲᠤᠪᠠᠷ ᠭᠦᠷᠳᠡᠭᠦ ᠪᠠ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ︽ᠨᠢᠭᠡ ᠭᠠᠵᠠᠷ ᠲᠤ ᠨᠢᠭᠡ ᠣᠨᠴᠠᠯᠢᠭᠲᠤ︾ ᠦᠢᠯᠡᠰ ᠪᠣᠰᠬᠠᠬᠤ ᠲᠦᠷᠦᠯ ᠲᠡᠮᠳᠡᠭ ᠢ ᠪᠤᠶ ᠪᠣᠯᠭᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号