| | ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2025 ᠣᠨ ᠤ ᠥᠪᠥᠷ ᠮᠣᠩᠭᠤᠯ ᠤᠨ ᠠᠩᠬᠠᠨ ᠤ | ᠪᠦᠯᠦᠭ ᠤᠨ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠠᠵᠢᠯ ᠤᠨ ᠲᠣᠬᠢᠷᠠᠭᠤᠯᠤᠯᠲᠠ | ᠶᠣᠰᠣᠭᠠᠷ᠂ ᠠᠩᠬᠠᠨ ᠤ ᠪᠦᠯᠦᠭ ᠤᠨ ᠠᠵᠢᠯᠲᠠᠨ ᠡᠯᠰᠡᠬᠦ ᠲᠥᠯᠥᠪᠯᠡᠭᠡ ᠳᠠᠬᠢ ᠬᠤᠭᠤᠰᠤᠨ ᠠᠵᠢᠯ ᠤᠨ ᠪᠠᠶᠢᠷᠢ ᠳᠤ | ᠴᠢᠭᠯᠡᠭᠦᠯᠦᠨ᠂ ᠠᠵᠢᠯᠲᠠᠨ ᠡᠯᠰᠡᠬᠦ ᠨᠥᠬᠦᠴᠡᠯ ᠬᠤᠪᠢᠷᠠᠬᠤ ᠦᠭᠡᠢ ᠤᠷᠢᠲᠠᠯ ᠳᠣᠣᠷ᠎ᠠ᠂ 1+N ᠨᠥᠬᠦᠵᠦ ᠡᠯᠰᠡᠬᠦ | ᠠᠵᠢᠯ ᠢ ᠥᠷᠨᠢᠭᠦᠯᠵᠦ᠂ ᠨᠡᠶᠢᠲᠡ 2502 ᠬᠥᠮᠥᠨ ᠡᠯᠰᠡᠬᠦ ᠪᠠᠷ ᠲᠥᠯᠥᠪᠯᠡᠵᠦ ᠪᠤᠢ᠃ ᠰᠢᠯᠭᠠᠭᠤᠯᠤᠭᠴᠢ 4 | ᠰᠠᠷ᠎ᠠ ᠶᠢᠨ 16 ᠤ ᠡᠳᠦᠷ ᠬᠠᠯᠠᠵᠤ ᠨᠡᠷ᠎ᠡ ᠮᠡᠳᠡᠭᠦᠯᠵᠦ ᠪᠣᠯᠣᠨ᠎ᠠ᠂ ᠲᠥᠷᠥᠯ ᠬᠤᠪᠢᠶᠠᠭᠰᠠᠨ ᠪᠢᠷ ᠤᠨ ᠰᠢᠯᠭᠠᠯᠲᠠ ᠶᠢᠨ | ᠬᠠᠮᠲᠤᠷᠠᠭᠰᠠᠨ ᠰᠢᠯᠭᠠᠯᠲᠠ ᠶᠢᠨ ᠬᠢᠷᠢ ᠪᠦᠲᠦᠮᠵᠢ ᠪᠠᠷ ᠱᠠᠲᠤ ᠬᠤᠪᠢᠶᠠᠨ ᠨᠡᠷ᠎ᠡ ᠮᠡᠳᠡᠭᠦᠯᠦᠨ᠎ᠡ᠃ | | ᠲᠣᠰ ᠤᠳᠠᠭ᠎ᠠ 2024 ᠣᠨ ᠤ 11 ᠰᠠᠷ᠎ᠠ ᠶᠢᠨ 2 ᠤᠨ ᠡᠳᠦᠷ ᠤᠨ ᠪᠦᠭᠦ ᠣᠷᠣᠨ ᠤ ᠲᠥᠷᠥᠯ | ᠬᠤᠪᠢᠶᠠᠭᠰᠠᠨ ᠪᠢᠷ ᠤᠨ ᠰᠢᠯᠭᠠᠯᠲᠠ ᠶᠢᠨ ᠬᠠᠮᠲᠤᠷᠠᠭᠰᠠᠨ ᠰᠢᠯᠭᠠᠯᠲᠠ ᠳᠤ ᠣᠷᠣᠯᠴᠠᠬᠰᠠᠨ ᠪᠥᠭᠡᠳ ᠪᠢᠷ ᠤᠨ | ᠰᠢᠯᠭᠠᠯᠲᠠ ᠶᠢᠨ ᠬᠢᠷᠢ ᠪᠦᠲᠦᠮᠵᠢ ᠨᠢ ᠬᠠᠮᠤᠭ ᠤᠨ ᠳᠣᠣᠷ᠎ᠠ ᠬᠢᠵᠠᠭᠠᠷ ᠬᠤᠪᠢ ᠶᠢᠨ ᠱᠤᠭᠤᠮ ᠳᠤ ᠭᠦᠷᠦᠭᠰᠡᠨ | ᠬᠥᠮᠥᠰ ᠢ ᠡᠯᠰᠡᠵᠦ᠂ ᠢᠯᠡ ᠪᠠᠷ᠂ ᠡᠷᠬᠡ ᠲᠡᠭᠰᠢ᠂ ᠥᠷᠢᠰᠦᠯᠳᠦᠭᠦᠯᠬᠦ᠂ ᠰᠢᠯᠢᠳᠡᠭ ᠢ ᠨᠢ ᠰᠣᠩᠭᠤᠬᠤ ᠵᠠᠷᠴᠢᠮ ᠢ | ᠵᠢᠷᠤᠮᠯᠠᠨ᠂ ᠰᠢᠯᠭᠠᠭᠤᠯᠤᠭᠴᠢ 2024 ᠣᠨ ᠤ 11 ᠰᠠᠷ᠎ᠠ ᠶᠢᠨ 2 ᠤᠨ ᠡᠳᠦᠷ ᠤᠨ ᠲᠥᠷᠥᠯ ᠬᠤᠪᠢᠶᠠᠭᠰᠠᠨ | ᠪᠢᠷ ᠤᠨ ᠰᠢᠯᠭᠠᠯᠲᠠ ᠶᠢᠨ ᠬᠠᠮᠲᠤᠷᠠᠭᠰᠠᠨ ᠰᠢᠯᠭᠠᠯᠲᠠ ᠶᠢᠨ ᠬᠢᠷᠢ ᠪᠦᠲᠦᠮᠵᠢ ᠪᠠᠷ ᠰᠢᠭᠤᠳ ᠠᠵᠢᠯ ᠤᠨ ᠪᠠᠶᠢᠷᠢ | ᠰᠣᠩᠭᠤᠬᠤ ᠶᠢᠨ ᠬᠠᠮᠲᠤ ᠨᠢᠭᠤᠷᠲᠠᠨ ᠰᠢᠯᠭᠠᠯᠲᠠ ᠳᠤ ᠣᠷᠣᠵᠤ ᠪᠣᠯᠣᠨ᠎ᠠ᠃ ᠨᠢᠭᠤᠷᠲᠠᠨ ᠰᠢᠯᠭᠠᠬᠤ ᠴᠠᠭ ᠨᠢ 5 | ᠰᠠᠷ᠎ᠠ ᠶᠢᠨ 10 ᠤ ᠡᠳᠦᠷ ᠪᠠᠶᠢᠵᠤ᠂ ᠪᠦᠭᠦ ᠣᠷᠣᠨ ᠤ 12 ᠠᠶᠢᠮᠠᠭ ᠬᠤᠲᠠ ᠳᠤ ᠵᠡᠷᠭᠡᠪᠡᠷ ᠶᠠᠪᠤᠭᠳᠠᠨ᠎ᠠ᠃ | | ᠣᠶᠢᠯᠠᠭᠠᠭᠰᠠᠨ ᠢᠶᠠᠷ᠂ ᠨᠥᠬᠦᠵᠦ ᠡᠯᠰᠡᠬᠦ ᠠᠷᠭ᠎ᠠ ᠬᠡᠮᠵᠢᠶ᠎ᠡ ᠨᠢ ᠣᠷᠣᠨ ᠲᠣᠭᠠᠨ ᠤ ᠡᠬᠢ ᠪᠠᠶᠠᠯᠢᠭ ᠢ ᠥᠨᠳᠥᠷ | ᠪᠦᠲᠦᠮᠵᠢᠲᠡᠶ ᠪᠠᠷ ᠠᠰᠢᠭᠯᠠᠵᠤ ᠴᠢᠳᠠᠬᠤ ᠮᠥᠷᠲᠡᠭᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ | ᠣᠯᠭᠤᠯᠲᠠ ᠶᠢ ᠴᠤ ᠬᠦᠴᠦᠲᠡᠢ ᠠᠬᠢᠭᠤᠯᠵᠤ ᠴᠢᠳᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠰᠢᠯᠭᠠᠭᠤᠯᠤᠭᠴᠢ ᠳᠤ ᠥᠪᠥᠷ | ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠯᠪᠠᠨ | ᠰᠦᠯᠵᠢᠶ᠎ᠡ᠂ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠰᠦᠯᠵᠢᠶ᠎ᠡ ᠵᠡᠷᠭᠡ | ᠰᠦᠯᠵᠢᠶ᠎ᠡ ᠠᠴᠠ ᠬᠠᠮᠢᠶ᠎ᠠ ᠪᠦᠬᠦᠢ ᠵᠦᠢᠯᠡᠰ ᠢ ᠨᠠᠷᠢᠨ ᠯᠠᠪᠯᠠᠵᠤ ᠦᠵᠡᠬᠦ ᠶᠢ ᠰᠠᠨᠠᠭᠤᠯᠵᠤ ᠪᠠᠶᠢᠨ᠎ᠠ᠃ |