ᠭᠦᠭᠡᠬᠤᠲᠠ ᠶᠢᠨ 9 ᠬᠤᠰᠢᠭᠤ ᠰᠢᠶᠠᠨ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠫᠠᠶᠢᠰᠠ ᠡᠯᠭᠦᠨ ᠠᠵᠢᠯᠯᠠᠪᠠ
ᠨᠡᠶᠢᠲᠡᠯᠡᠭᠰᠡᠨ ᠴᠠᠭ᠄
2025/4/17
      ᠣᠶᠢᠷ᠎ᠠ ᠶᠢᠨ ᠵᠢᠯ ᠤᠨ ᠲᠤᠷᠰᠢ᠂ ᠭᠦᠭᠡᠬᠤᠲᠠ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠲᠥᠪ ᠢ ᠬᠦᠴᠦᠯᠡᠨ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠬᠢ ᠪᠠᠶᠠᠯᠢᠭ ᠤᠨ ᠲᠥᠪᠯᠡᠷᠡᠯ ᠢ ᠠᠬᠢᠭᠤᠯᠵᠤ᠂ ᠠᠰᠠᠭᠤᠳᠠᠯ ᠢ ᠰᠢᠢᠳᠪᠦᠷᠢᠯᠡᠬᠦ ᠬᠠᠮᠲᠤᠷᠠᠯ ᠬᠦᠴᠦᠨ ᠢ ᠪᠦᠷᠢᠯᠳᠦᠭᠦᠯᠪᠡ᠃ ᠣᠳᠣᠬᠠᠨ ᠳᠤ᠂ ᠪᠦᠭᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠨᠢ ᠴᠥᠮ ᠫᠠᠶᠢᠰᠠ ᠡᠯᠭᠦᠭᠰᠡᠨ ᠪᠥᠭᠡᠳ ᠠᠰᠢᠭᠯᠠᠯᠲᠠ ᠳᠤ ᠣᠷᠣᠵᠤ᠂ 84 ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠬᠰᠠᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ ᠪᠠᠶᠢᠨ᠎ᠠ᠃             ᠶᠡᠷᠦᠩᠬᠡᠶᠢᠯᠡᠨ ᠵᠠᠰᠠᠬᠤ ᠲᠥᠪ ᠨᠢ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠪᠠᠷ ᠭᠠᠷᠳᠠᠴᠠ ᠪᠤᠯᠭᠠᠵᠤ᠂ ︽ᠲᠥᠪᠯᠡᠷᠡᠭᠦᠯᠦᠨ ᠭᠦᠢᠴᠡᠳᠬᠡᠬᠦ︾ ᠭᠡᠯᠪᠡᠷᠢ ᠪᠠᠷ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠯ ᠵᠡᠷᠭᠡ ᠬᠤᠯᠪᠣᠭᠳᠠᠯ ᠪᠦᠬᠦᠢ ᠴᠢᠳᠠᠮᠵᠢ ᠶᠢ ᠨᠢᠭᠡᠳᠦᠯᠲᠡᠢ ᠲᠥᠯᠥᠪᠯᠡᠨ᠂ ᠵᠥᠷᠢᠴᠡᠯ ᠵᠠᠭᠤᠷᠠᠯᠳᠤᠭᠠᠨ ᠢ ᠨᠠᠮᠳᠠᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠪᠣᠯᠣᠨ᠎ᠠ᠃             ᠣᠯᠠᠨ ᠲᠦᠮᠡᠨ ᠤ ᠲᠤᠰᠬᠠᠭᠰᠠᠨ ᠵᠥᠷᠢᠴᠡᠯ ᠵᠠᠭᠤᠷᠠᠯᠳᠤᠭᠠᠨ ᠢ ᠶᠡᠷᠦᠩᠬᠡᠶᠢᠯᠡᠨ ᠵᠠᠰᠠᠬᠤ ᠲᠥᠪ ᠠᠴᠠ ᠤᠴᠢᠷ ᠶᠠᠪᠤᠳᠠᠯ ᠤᠨ ᠰᠢᠨᠵᠢ ᠴᠢᠨᠠᠷ ᠢ ᠦᠨᠳᠦᠰᠦᠯᠡᠨ᠂ ᠠᠩᠬ᠎ᠠ ᠠᠯᠬᠤᠮ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠬᠠᠮᠢᠶ᠎ᠠ ᠪᠦᠬᠦᠢ ᠣᠷᠣᠵᠤ ᠰᠠᠭᠤᠭᠰᠠᠨ ᠰᠠᠯᠠᠭ᠎ᠠ ᠮᠥᠴᠢᠷ ᠵᠢᠴᠢ ᠠᠵᠢᠯ ᠤᠨ ᠬᠦᠴᠦᠨ ᠳᠤ ᠰᠠᠯᠭᠠᠨ ᠬᠤᠪᠢᠶᠠᠷᠢᠯᠠᠵᠤ ᠤᠷᠢᠳᠠᠪᠠᠷ ᠡᠶᠡᠳᠡᠭᠦᠯᠦᠨ᠎ᠡ᠃ ᠲᠠᠭᠢᠭᠠᠳ ᠤᠴᠢᠷ ᠶᠠᠪᠤᠳᠠᠯ ᠤᠨ ᠲᠥᠷᠥᠯ ᠭᠡᠯᠪᠡᠷᠢ ᠶᠢ ᠦᠨᠳᠦᠰᠦᠯᠡᠨ᠂ ᠭᠦᠢᠴᠡᠳᠬᠡᠬᠦ ᠴᠤᠪᠤᠷᠠᠯ ᠢ ᠪᠦᠷᠢᠯᠳᠦᠭᠦᠯᠵᠦ᠂ ᠡᠯ᠎ᠡ ᠤᠴᠢᠷ ᠶᠠᠪᠤᠳᠠᠯ ᠢ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ᠂ ᠬᠠᠮᠵᠢᠯᠴᠠᠨ ᠭᠦᠢᠴᠡᠳᠬᠡᠬᠦ ᠰᠠᠯᠠᠭ᠎ᠠ ᠮᠥᠴᠢᠷ ᠪᠠ ᠡᠯ᠎ᠡ ᠭᠤᠭᠴᠤᠭ᠎ᠠ ᠶᠢᠨ ᠭᠦᠢᠴᠡᠳᠬᠡᠬᠦ ᠴᠠᠭ ᠬᠤᠭᠤᠴᠠᠭ᠎ᠠ ᠶᠢ ᠲᠣᠭᠲᠠᠭᠠᠨ᠂ ᠨᠠᠮᠳᠠᠭᠤᠯᠬᠤ ᠪᠣᠳᠠᠲᠤ ᠦᠷ᠎ᠡ ᠪᠦᠲᠦᠮᠵᠢ ᠶᠢ ᠪᠠᠲᠤᠯᠠᠨ᠎ᠠ᠃ ᠡᠭᠦᠨ ᠤ ᠬᠠᠮᠲᠤ᠂ ᠠᠷᠠᠳ ᠤᠨ ᠡᠶᠡᠳᠡᠭᠦᠯᠬᠦ ᠵᠥᠪᠯᠡᠯ᠂ ᠨᠠᠷᠠᠲᠤ ᠲᠥᠷᠥᠯ ᠲᠡᠮᠳᠡᠭᠲᠦ ᠡᠶᠡᠳᠡᠭᠦᠯᠬᠦ ᠲᠠᠰᠤᠭ᠂ ᠠᠵᠢᠯ ᠲᠥᠷᠥᠯ ᠤᠨ ᠴᠢᠨᠠᠷᠲᠠᠢ ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠬᠦ ᠵᠣᠬᠢᠶᠠᠨ ᠪᠠᠶᠢᠭᠤᠯᠤᠯᠲᠠ᠂ ᠰᠡᠳᠬᠢᠴᠡ ᠶᠢᠨ ᠦᠢᠯᠡᠴᠢᠯᠡᠭᠡ᠂ ᠬᠠᠤᠯᠢᠴᠢ ᠵᠡᠷᠭᠡ ᠰᠢᠯᠢᠳᠡᠭ ᠡᠬᠢ ᠪᠠᠶᠠᠯᠢᠭ ᠤᠨ ᠣᠷᠣᠵᠤ ᠰᠠᠭᠤᠬᠤ ᠶᠢ ᠠᠬᠢᠭᠤᠯᠵᠤ᠂ ᠲᠤᠰᠬᠠᠢ ᠵᠦᠢᠯ ᠤᠨ ᠡᠶᠡᠳᠡᠭᠦᠯᠬᠦ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ᠬᠦᠴᠢᠷ ᠲᠦᠪᠡᠭᠲᠡᠢ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃             ᠣᠳᠣᠬᠠᠨ ᠳᠤ᠂ ᠶᠡᠷᠦᠩᠬᠡᠶᠢᠯᠡᠨ ᠵᠠᠰᠠᠬᠤ ᠲᠥᠪ ᠲᠤ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠢ ᠨᠠᠮᠳᠠᠭᠤᠯᠬᠤ᠂ ᠬᠠᠤᠯᠢ ᠴᠠᠭᠠᠵᠠ ᠶᠢᠨ ᠵᠥᠪᠯᠡᠯᠭᠡ ᠪᠠ ᠦᠢᠯᠡᠴᠢᠯᠡᠭᠡ᠂ ᠡᠶᠡᠳᠡᠭᠦᠯᠬᠦ ᠭᠤᠶᠤᠴᠢᠯᠠᠯ᠂ ᠰᠡᠳᠬᠢᠴᠡ ᠶᠢᠨ ᠯᠠᠪᠯᠠᠭ᠎ᠠ ᠵᠡᠷᠭᠡ ᠦᠢᠯᠡᠴᠢᠯᠡᠭᠡ ᠬᠠᠩᠭᠠᠵᠤ᠂ ᠶᠡᠷᠦᠩᠬᠡᠶᠢᠯᠡᠨ ᠵᠠᠰᠠᠬᠤ ᠲᠥᠪ ᠲᠤ ᠣᠷᠣᠵᠤ ᠰᠠᠭᠤᠭᠰᠠᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠡᠯ᠎ᠡ ᠲᠥᠷᠥᠯ ᠤᠨ ᠤᠴᠢᠷ ᠶᠠᠪᠤᠳᠠᠯ ᠢ ᠭᠦᠢᠴᠡᠳᠬᠡᠵᠦ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号