| | | | ᠰᠤᠷᠲᠠᠯ ᠴᠢᠬᠡᠴᠢ ᠪᠣᠯ ᠣᠪᠣᠷ ᠲᠥᠪ᠂ ᠣᠪᠣᠷ ᠲᠥᠪ ᠪᠣᠯ ᠰᠡᠳᠬᠢᠯ ᠨᠢᠭᠡᠲᠡᠢ᠂ ᠰᠡᠳᠬᠢᠯ ᠨᠢᠭᠡᠳᠪᠡᠯ ᠠᠵᠢᠯ | ᠶᠠᠪᠤᠳᠠᠯ ᠪᠦᠲᠦᠨ᠎ᠡ᠃ | | | ᠨᠠᠮ ᠤᠨ ᠲᠥᠪ ᠬᠤᠷᠢᠶ᠎ᠠ ᠠᠴᠠ 2025 ᠣᠨ ᠳᠤ ᠪᠦᠭᠦ ᠤᠯᠤᠰ ᠤᠨ ᠬᠤᠶᠠᠷ ᠬᠤᠷᠠᠯ ᠤᠨ ᠲᠠᠷᠠᠭ᠎ᠠ ᠠᠴᠠ | 7 ᠰᠠᠷ᠎ᠠ ᠪᠤᠯᠲᠠᠯ᠎ᠠ ᠪᠦᠭᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠠᠷ ᠲᠣᠭᠲᠠᠪᠠ᠃ ᠡᠨᠡ ᠪᠣᠯ ᠨᠠᠮ ᠤᠨ ᠭᠡᠰᠢᠭᠦᠨ | ᠺᠠᠳ᠋ᠷᠴᠤᠳ ᠲᠤ ᠪᠠᠰᠠ ᠨᠢᠭᠡ ᠤᠳᠠᠭ᠎ᠠ ᠶᠢᠨ ᠦᠵᠡᠯ ᠰᠠᠨᠠᠭ᠎ᠠ ᠤᠨᠤᠯ ᠤᠨ ᠬᠥᠮᠦᠵᠢᠯ ᠥᠷᠨᠢᠭᠦᠯᠵᠦ᠂ ᠤᠨᠤᠯ ᠢᠶᠠᠷ | ᠲᠠᠭᠢᠨ ᠵᠡᠪᠰᠡᠭᠯᠡᠬᠦ ᠶᠠᠪᠤᠳᠠᠯ ᠮᠥᠨ᠂ ᠰᠠᠬᠢᠯᠭ᠎ᠠ ᠪᠠᠲᠤ ᠣᠪᠣᠷ ᠰᠤᠷᠲᠠᠯ ᠢ ᠪᠠᠰᠠ ᠨᠢᠭᠡ ᠤᠳᠠᠭ᠎ᠠ ᠲᠠᠭᠢᠨ ᠰᠢᠯᠭᠠᠨ | ᠦᠵᠡᠵᠦ᠂ ᠲᠠᠭᠢᠨ ᠳᠡᠭᠡᠭᠰᠢᠯᠡᠭᠦᠯᠭᠦ ᠶᠠᠪᠤᠳᠠᠯ ᠮᠥᠨ᠃ ᠣᠶᠢᠷ᠎ᠠ ᠶᠢᠨ ᠡᠳᠦᠷ ᠤᠳ ᠲᠤ ᠪᠦᠭᠦ ᠣᠷᠣᠨ ᠤ ᠡᠯ᠎ᠡ ᠭᠠᠵᠠᠷ | ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠳᠠᠷᠤᠢ ᠲᠦᠷᠭᠡᠨ ᠪᠠᠶᠢᠷᠢᠯᠠᠭᠤᠯᠤᠨ ᠡᠬᠢᠯᠡᠭᠦᠯᠵᠦ᠂ | ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠤᠨ ᠬᠠᠷᠢᠭᠤᠴᠠᠯᠭᠠᠲᠤ ᠰᠡᠳᠬᠢᠯᠭᠡ | ᠲᠤᠯᠭᠠᠮ ᠪᠤᠳᠤᠯ ᠢᠶᠠᠨ ᠤᠬᠠᠮᠰᠠᠷ ᠠᠴᠠ ᠪᠠᠨ ᠴᠢᠩᠭᠠᠳᠬᠠᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ | ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ | ᠡᠰᠡᠷᠭᠦᠴᠡᠬᠦ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ | ᠪᠦᠲᠦᠮᠵᠢᠲᠡᠢ ᠥᠷᠨᠢᠭᠦᠯᠬᠦ ᠶᠢ ᠠᠬᠢᠭᠤᠯᠪᠠ᠃ | | | ᠨᠠᠢᠮᠠᠨ ᠲᠣᠭᠲᠠᠭᠠᠯ ᠤᠨ ᠡᠨᠡᠬᠦ ᠵᠠᠩᠭᠢᠯᠠᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠰᠤᠷᠲᠠᠯ ᠤᠨ ᠪᠠᠶᠢᠭᠤᠯᠤᠯᠲᠠ | ᠪᠦᠭᠦ ᠲᠠᠯ᠎ᠠ ᠪᠠᠷ ᠠᠮᠢᠳᠤᠯᠢᠭᠵᠢᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠢᠮᠠᠭᠲᠠ ᠴᠢᠩᠭ᠎ᠠ ᠠᠳᠬᠤᠪᠠ᠃ ᠠᠷᠪᠠ ᠭᠠᠷᠤᠢ ᠵᠢᠯ ᠤᠨ ᠲᠤᠷᠰᠢ᠂ ᠥᠪᠥᠷ ᠮᠣᠩᠭᠤᠯ ᠲᠥᠪ ᠤᠨ | ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ | ᠲᠤᠭᠤᠰᠢᠯᠠᠭᠤᠯᠵᠤ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠰᠤᠷᠲᠠᠯ ᠤᠨ ᠠᠰᠠᠭᠤᠳᠠᠯ ᠠᠴᠠ ᠡᠬᠢᠯᠡᠨ | ᠠᠳᠬᠤᠵᠤ᠂ ᠪᠣᠳᠠᠲᠠᠢ ᠶᠠᠪᠤᠳᠠᠯ ᠠᠴᠠ ᠡᠬᠢᠯᠡᠨ ᠠᠳᠬᠤᠵᠤ᠂ ᠵᠠᠩᠭᠢᠯᠠᠭ᠎ᠠ ᠶᠢᠨ ᠴᠡᠭ ᠪᠣᠯᠭᠠᠨ ᠢ ᠪᠠᠲᠤ ᠰᠠᠬᠢᠵᠤ᠂ ᠨᠢᠭᠡ | ᠨᠢᠭᠡ ᠠᠰᠠᠭᠤᠳᠠᠯ ᠢᠶᠠᠷ ᠰᠢᠢᠳᠪᠦᠷᠢᠯᠡᠵᠦ᠂ ᠨᠢᠭᠡ ᠨᠢᠭᠡ ᠬᠦᠷᠢᠶ᠎ᠡ ᠴᠠᠷᠠᠭ᠎ᠠ ᠪᠠᠷ ᠠᠬᠢᠭᠤᠯᠵᠤ᠂ ᠤᠷᠳᠤ | ᠬᠤᠭᠤᠴᠠᠭ᠎ᠠ ᠪᠠᠷ ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ ᠬᠤᠷᠢᠭᠯᠠᠵᠤ᠂ ᠤᠯᠠᠨ | ᠵᠢᠯ ᠤᠨ ᠲᠤᠷᠰᠢ ᠠᠷᠢᠯᠤᠭᠠᠳᠤᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠵᠤ᠂ ᠨᠠᠮ ᠤᠨ ᠰᠤᠷᠲᠠᠯ | ᠵᠠᠰᠠᠭ ᠤᠨ ᠰᠤᠷᠲᠠᠯ ᠳᠤ ᠴᠣ ᠰᠢᠨ᠎ᠡ ᠳᠦᠷᠰᠦ ᠪᠠᠶᠢᠳᠠᠯ ᠢᠯᠡᠷᠡᠵᠦ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ | ᠦᠷᠭᠦᠯᠵᠢᠯᠡᠨ ᠰᠠᠶᠢᠵᠢᠷᠠᠪᠠ᠃ | | | ᠰᠤᠷᠲᠠᠯ ᠪᠣᠯ ᠳᠠᠷᠤᠢ ᠳᠦᠷᠢ ᠲᠥᠷᠬᠦ ᠮᠥᠨ᠂ ᠰᠤᠷᠲᠠᠯ ᠪᠣᠯ ᠳᠠᠷᠤᠢ ᠬᠦᠴᠦᠨ ᠴᠢᠳᠠᠯ ᠮᠥᠨ᠃ ᠡᠨᠡ ᠵᠢᠯ | ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠠᠶᠢᠵᠤ᠂ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠵᠢᠭᠦᠯᠦᠨ ᠪᠠᠶᠢᠷᠢᠰᠢᠭᠤᠯᠬᠤ ᠪᠣᠯᠣᠨ᠎ᠠ᠃ ᠥᠪᠥᠷ ᠮᠣᠩᠭᠤᠯ ᠨᠢᠭᠡ | ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠣᠷᠣᠬᠤ ᠳᠤ ᠴᠥᠮ ᠰᠠᠶᠢᠨ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠶᠢ ᠪᠠᠲᠤᠯᠠᠬᠤ | ᠴᠢᠬᠤᠯᠠᠲᠠᠢ᠃ ᠪᠢᠳᠡ ᠡᠨᠡ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠴᠢᠩᠭ᠎ᠠ | ᠠᠷᠭ᠎ᠠ ᠬᠡᠮᠵᠢᠶ᠎ᠡ ᠠᠪᠴᠤ᠂ ︽ᠰᠤᠷᠤᠯᠴᠠᠪᠠᠯ︾ ᠳᠠᠷᠤᠢ ᠰᠡᠳᠬᠢᠯ ᠵᠢᠷᠦᠬᠡᠨ ᠳᠡᠭᠡᠨ ᠬᠠᠳᠠᠩᠰᠢᠲᠠᠯ᠎ᠠ ᠰᠤᠷᠤᠯᠴᠠᠵᠤ᠂ | ᠣᠶᠢᠯᠠᠭᠠᠯᠲᠠ ᠲᠠᠢ᠂ ᠣᠯᠣᠯᠲᠠ ᠲᠠᠢ ᠪᠠᠶᠢᠬᠤ ᠬᠡᠷᠡᠭᠲᠡᠢ︔ ︽ᠪᠠᠶᠢᠴᠠᠭᠠᠪᠠᠯ︾ ᠳᠠᠷᠤᠢ ᠦᠨᠡᠨ ᠬᠦ ᠬᠠᠲᠠᠭᠤ ᠲᠠᠢ ᠨᠢ | ᠬᠠᠯᠳᠠᠵᠤ᠂ ᠠᠩᠬᠠᠷᠤᠯ ᠢᠶᠠᠨ ᠣᠨᠣᠪᠴᠢᠲᠠᠢ ᠲᠥᠪᠯᠡᠷᠡᠭᠦᠯᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ | ᠬᠡᠷᠡᠭᠲᠡᠢ᠃ ︽ᠴᠡᠭᠴᠡᠯᠡᠨ ᠰᠠᠶᠢᠵᠢᠷᠠᠭᠤᠯᠪᠠᠯ︾ ᠳᠠᠷᠤᠢ ᠦᠨᠡᠨ ᠪᠣᠳᠠᠲᠠᠢ ᠬᠢᠵᠦ᠂ ᠬᠤᠪᠢᠷᠠᠯᠲᠠ ᠲᠠᠢ᠂ ᠦᠷ᠎ᠡ | ᠪᠦᠲᠦᠮᠵᠢ ᠲᠠᠢ ᠪᠠᠶᠢᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ︽ᠳᠠᠷᠤᠭᠠᠰᠤ ᠶᠢ ᠬᠥᠩᠭᠡᠷᠡᠭᠦᠯᠬᠦ᠂ | ᠡᠨᠧᠷᠭᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠱᠠᠯᠠᠪᠳᠠᠭᠤᠯᠬᠤ︾ ᠵᠡᠷᠭᠡ ᠠᠵᠢᠯ ᠢ | ᠰᠠᠶᠢᠲᠤᠷ ᠬᠢᠬᠦ ᠲᠠᠢ ᠨᠢᠭᠡᠳᠦᠯᠲᠡᠢ ᠲᠥᠯᠥᠪᠵᠢᠭᠦᠯᠵᠦ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠥᠷᠨᠢᠭᠦᠯᠬᠦ ᠲᠠᠢ ᠤᠶᠠᠯᠳᠤᠭᠤᠯᠵᠤ᠂ ᠰᠢᠯᠢᠳᠡᠭ ᠰᠤᠷᠲᠠᠯ ᠢᠶᠠᠷ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ᠃ | | | ᠳᠡᠭᠡᠷ᠎ᠡ ᠠᠴᠠ ᠨᠢ ᠬᠥᠮᠥᠨ ᠢ ᠱᠠᠭᠠᠷᠳᠠᠵᠤ᠂ ᠬᠤᠶᠢᠨ᠎ᠠ ᠠᠴᠠ ᠨᠢ ᠬᠥᠮᠥᠨ ᠢ ᠱᠠᠯᠠᠪᠳᠠᠭᠤᠯᠬᠤ ᠨᠢ ᠡᠮᠦᠨ᠎ᠡ ᠨᠢ | ᠣᠷᠣᠵᠤ ᠬᠥᠮᠥᠨ ᠢ ᠳᠠᠶᠢᠴᠢᠯᠠᠬᠤ ᠶᠢ ᠬᠦᠷᠬᠦ ᠦᠭᠡᠢ᠃ ᠤᠳᠤᠷᠢᠳᠬᠤ ᠺᠠᠳ᠋ᠷᠴᠤᠳ ᠰᠠᠶᠢᠨ ᠳᠠᠭᠠᠭᠤᠯᠤᠭᠴᠢ ᠪᠤᠯᠬᠤ | ᠪᠣᠯ ᠳᠠᠭᠤᠨ ᠦᠭᠡᠢ ᠦᠯᠢᠭᠡᠷ ᠳᠠᠭᠤᠷᠢᠶᠠᠯ ᠮᠥᠨ᠂ ︽ᠬᠢᠵᠦ ᠪᠡᠶᠡᠯᠡᠭᠦᠯ︾ ᠭᠡᠵᠦ ᠮᠢᠩᠭᠠᠨᠲᠠ ᠬᠠᠰᠬᠢᠷᠬᠤ ᠨᠢ ︽ | ᠨᠠᠳᠠ ᠶᠢ ᠲᠠᠭᠠᠭᠠᠳ ᠬᠢᠵᠦ ᠪᠠᠢ︾ ᠭᠡᠬᠦ ᠨᠢᠭᠡ ᠦᠭᠡ ᠶᠢ ᠬᠦᠷᠬᠦ ᠦᠭᠡᠢ᠃ ᠤᠳᠤᠷᠢᠳᠬᠤ ᠪᠠᠶᠢᠭᠤᠯᠭ᠎ᠠ ᠪᠠ | ᠤᠳᠤᠷᠢᠳᠬᠤ ᠺᠠᠳ᠋ᠷᠴᠤᠳ ᠪᠣᠯ ᠨᠠᠮ ᠤᠨ ᠰᠤᠷᠲᠠᠯ ᠨᠡᠶᠢᠭᠡᠮ ᠤᠨ ᠰᠤᠷᠲᠠᠯ ᠤᠨ ᠵᠦᠭᠯᠡᠭᠦᠷ ᠮᠥᠨ᠂ ᠢᠯᠠᠩᠭᠤᠶ᠎ᠠ ︽ | ᠲᠦᠷᠦᠭᠦᠴᠢ ᠭᠠᠯᠠᠭᠤ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠦᠯᠢᠭᠡᠷ ᠳᠠᠭᠤᠷᠢᠶᠠᠯ ᠪᠣᠯᠵᠤ᠂ ᠲᠦᠷᠦᠭᠦᠯᠡᠨ ᠬᠢᠵᠦ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ | ᠪᠠᠶᠢᠴᠠᠭᠠᠵᠤ᠂ ᠲᠦᠷᠦᠭᠦᠯᠡᠨ ᠴᠡᠭᠴᠡᠯᠡᠨ ᠰᠠᠶᠢᠵᠢᠷᠠᠭᠤᠯᠵᠤ᠂ ︽ᠬᠡᠯᠡᠬᠦ ᠳᠡᠭᠡᠨ ᠴᠢᠬᠤᠯᠠ ᠭᠡᠵᠦ᠂ ᠬᠠᠰᠬᠢᠷᠬᠤ ᠨᠢ | ᠬᠠᠩᠭᠢᠨᠠᠮ᠎ᠠ᠂ ᠬᠢᠬᠦ ᠨᠢ ᠬᠠᠷᠢᠨ ᠬᠡᠢ ᠬᠤᠭᠤᠰᠤᠨ︾ ᠪᠠᠶᠢᠬᠤ ᠶᠢ ᠡᠷᠡᠰ ᠲᠡᠪᠴᠢᠵᠦ᠂ ︽ᠠᠰᠠᠷ ᠤᠨ ᠱᠠᠲᠤᠨ ᠳᠤ | ᠬᠥᠯ ᠤᠨ ᠴᠢᠮᠡᠭᠡ ᠰᠣᠨᠣᠰᠳᠠᠬᠤ ᠠᠴᠠ ᠪᠢᠰᠢ ᠬᠥᠮᠥᠨ ᠨᠢ ᠪᠠᠭᠤᠵᠤ ᠢᠷᠡᠬᠦ ᠦᠭᠡᠢ︾ ᠪᠠᠶᠢᠬᠤ ᠶᠢ ᠡᠷᠡᠰ ᠬᠤᠷᠢᠭᠯᠠᠬᠤ | ᠬᠡᠷᠡᠭᠲᠡᠢ᠃ ᠪᠡᠶ᠎ᠡ ᠪᠠᠷ ᠢᠶᠠᠨ ᠲᠦᠷᠦᠭᠦᠯᠡᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠵᠢᠷᠤᠮᠯᠠᠵᠤ᠂ ᠭᠠᠭᠴᠠᠭᠠᠷ ᠪᠠᠶᠢᠬᠤ ᠳᠠᠭᠠᠨ ᠪᠡᠶ᠎ᠡ ᠪᠠᠨ ᠪᠠᠷᠢᠬᠤ ᠶᠢ ᠬᠢᠴᠢᠶᠡᠵᠦ᠂ ᠠᠩᠬ᠎ᠠ ᠡᠬᠢᠯᠡᠬᠦ ᠦᠶ᠎ᠡ ᠳᠤ ᠬᠢᠴᠢᠶᠡᠵᠦ᠂ | ᠪᠠᠭ᠎ᠠ ᠶᠠᠪᠤᠳᠠᠯ ᠳᠤ ᠬᠠᠨᠳᠤᠬᠤ ᠳᠠᠭᠠᠨ ᠴᠤ ᠬᠢᠴᠢᠶᠡᠵᠦ᠂ ᠬᠦᠰᠡᠯ ᠳᠤᠷᠠᠰᠢᠯ ᠢ ᠲᠡᠪᠴᠢᠵᠦ᠂ ᠢᠮᠠᠭᠲᠠ ᠲᠥᠪ | ᠭᠤᠣᠯᠴᠢ ᠠᠷᠢᠭᠤᠨ ᠴᠢᠬᠡᠴᠢ ᠰᠠᠶᠢᠨ ᠰᠠᠶᠢᠬᠠᠨ ᠳᠦᠷᠢ ᠲᠥᠷᠬᠦ ᠪᠠᠨ ᠪᠠᠲᠤᠯᠠᠬᠤ ᠬᠡᠷᠡᠭᠲᠡᠢ᠃ ᠪᠡᠶ᠎ᠡ ᠪᠠᠷ ᠢᠶᠠᠨ | ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠨ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ | ᠥᠷᠨᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠨ | ᠪᠣᠳᠠᠲᠠᠢ ᠠᠳᠬᠤᠵᠤ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ | | | ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ᠃ ︽ᠲᠥᠪ ᠤᠨ ᠨᠠᠢᠮᠠᠨ ᠲᠣᠭᠲᠠᠭᠠᠯ ᠤᠨ | ᠬᠠᠰᠢᠯᠭ᠎ᠠ ᠶᠢ ᠭᠢᠯᠪᠡᠷ ᠪᠤᠰᠤ ᠪᠠᠷ ᠪᠣᠰᠬᠠᠭᠰᠠᠨ ᠶᠤᠮ᠂ ᠵᠠᠪᠠᠯ ᠬᠤᠪᠢ ᠳᠠᠭᠢᠨ ᠨᠠᠨᠳᠢᠩᠨᠠᠵᠤ᠂ ᠲᠠᠰᠤᠷᠠᠯᠲᠠ ᠦᠭᠡᠢ | ᠬᠠᠰᠢᠯᠭ᠎ᠠ ᠶᠢ ᠪᠠᠶᠢᠴᠠᠭᠠᠨ ᠵᠠᠰᠠᠵᠤ᠂ ᠰᠢᠷᠣᠢ ᠨᠡᠮᠡᠵᠦ ᠪᠠᠬᠢᠵᠢᠭᠦᠯᠬᠦ ᠬᠡᠷᠡᠭᠲᠡᠢ︾᠃ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠭᠤᠰᠢᠯᠠᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ | ᠭᠤᠶᠢᠪᠢᠰᠢ ᠦᠭᠡᠢ ᠠᠬᠢᠭᠤᠯᠵᠤ᠂ ︽ᠬᠤᠶᠠᠷ ᠰᠤᠷᠤᠯᠴᠠᠯᠭ᠎ᠠ︾ ᠶᠢ ᠰᠠᠶᠢᠲᠤᠷ ᠠᠳᠬᠤᠵᠤ᠂ ︽ ᠬᠤᠶᠠᠷ ᠲᠠᠨᠢᠯᠲᠠ︾ ᠶᠢ | ᠳᠡᠭᠡᠭᠰᠢᠯᠡᠭᠦᠯᠵᠦ᠂ ︽ᠬᠤᠶᠠᠷ ᠬᠠᠷᠢᠯᠴᠠᠬᠤ︾ ᠶᠢ ᠴᠢᠬᠤᠯᠠᠴᠢᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠠᠶᠢᠨ | ᠰᠤᠷᠲᠠᠯ ᠰᠠᠶᠢᠨ ᠳᠦᠷᠢ ᠲᠥᠷᠬᠦ ᠪᠠᠷ ᠰᠢᠨ᠎ᠡ ᠠᠶᠠᠨ ᠳᠠᠭᠠᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ | ᠢᠯᠡᠷᠡᠭᠦᠯᠪᠡᠯ᠂ ᠪᠢᠳᠡ ᠯᠠᠪᠲᠠᠢ ᠬᠥᠭᠵᠢᠯᠲᠡ ᠶᠢᠨ ᠰᠠᠶᠢᠨ ᠠᠵᠠ ᠲᠣᠭᠢᠶᠠᠯ ᠢ ᠬᠥᠰᠡᠷᠳᠡᠭᠦᠯᠬᠦ ᠦᠭᠡᠢ᠂ ᠠᠷᠠᠳ | ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠶᠤᠮ᠃ |