| | ᠲᠦᠷᠦᠭᠦᠬᠡᠨ ᠪᠦᠭᠦ ᠤᠯᠤᠰ ᠤᠨ ᠠᠩᠬᠠᠳᠠᠭᠴᠢ ︽BX70B ︵ᠴᠢᠩᠭᠡᠯᠢᠭ ᠲᠤ ᠲᠤᠰᠬᠠᠢ ᠬᠡᠷᠡᠭᠯᠡᠬᠦ | ᠵᠠᠳᠠᠭᠠᠢ ᠲᠡᠷᠭᠡ︶︾ ᠲᠤᠰᠬᠠᠢ ᠲᠡᠭᠡᠭᠡᠪᠦᠷᠢ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ | ᠭᠦᠭᠡᠬᠤᠲᠠ ᠠᠴᠠ ᠮᠣᠷᠳᠠᠪᠠ᠃ ᠲᠤᠰ ᠵᠢᠰᠢᠶᠠᠨ ᠤ ᠭᠠᠯᠲᠤ ᠲᠡᠷᠭᠡ ᠨᠢ ᠬᠠᠢ ᠰᠢᠨ ᠲᠡᠮᠳᠡᠭᠲᠦ ᠬᠥᠯᠳᠡᠭᠡᠭᠦᠷ᠂ | ᠲᠧᠯᠸᠢᠰ᠂ ᠬᠤᠪᠴᠠᠰᠤ ᠤᠬᠢᠶᠠᠬᠤ ᠮᠠᠰᠢᠨ ᠵᠡᠷᠭᠡ ᠪᠠᠷᠠᠭ᠎ᠠ ᠠᠴᠢᠵᠤ᠂ ᠭᠦᠭᠡᠬᠤᠲᠠ ᠶᠢᠨ ᠡᠯᠡᠰᠦᠨ ᠨᠢᠷᠤᠭᠤ ᠤᠯᠠᠨ | ᠤᠯᠤᠰ ᠤᠨ ᠡᠬᠡ ᠬᠠᠭᠤᠷᠠᠢ ᠶᠢᠨ ᠭᠠᠷᠠᠮ ᠠᠴᠠ ᠮᠣᠷᠳᠠᠵᠤ᠂ ᠡᠷᠢᠶᠡᠨ ᠤ ᠲᠡᠮᠦᠷ ᠵᠠᠮ ᠤᠨ ᠬᠢᠯᠢ ᠶᠢᠨ ᠪᠣᠭᠤᠮᠲᠠ ᠪᠠᠷ | ᠳᠠᠮᠵᠢᠨ᠂ ᠤᠷᠤᠰ ᠤᠨ ᠮᠣᠰᠺᠸᠠ ᠶᠢᠨ ᠱᠧᠯᠢᠶᠠᠵᠢᠨᠣ᠋ ᠦᠷᠲᠡᠭᠡ ᠬᠦᠷᠴᠦ᠂ ᠨᠡᠶᠢᠳᠡ 7500 ᠭᠠᠷᠤᠢ ᠺᠢᠯᠣᠮᠧᠲᠷ | ᠠᠶᠠᠯᠠᠬᠤ ᠪᠣᠯᠣᠨ᠎ᠠ᠃ | | | ᠲᠤᠰ ᠵᠢᠰᠢᠶᠠᠨ ᠤ ᠭᠠᠯᠲᠤ ᠲᠡᠷᠭᠡ ᠨᠡᠪᠲᠡᠷᠡᠭᠰᠡᠨ ᠨᠢ ᠮᠠᠨ ᠤ ᠤᠯᠤᠰ ᠤᠨ ᠬᠢᠯᠢ ᠠᠯᠤᠰᠯᠠᠭᠰᠠᠨ ᠵᠢᠰᠢᠶᠠᠨ ᠤ | ᠭᠠᠯᠲᠤ ᠲᠡᠷᠭᠡ ᠶᠢᠨ ᠲᠡᠭᠡᠭᠡᠪᠦᠷᠢ ᠶᠢᠨ ᠠᠷᠭ᠎ᠠ ᠭᠡᠯᠪᠡᠷᠢ ᠶᠢ ᠤᠯᠠᠮ ᠪᠠᠶᠠᠯᠢᠭᠵᠢᠭᠤᠯᠵᠤ᠂ ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠭᠦᠭᠡᠬᠤᠳᠠ ᠶᠢᠨ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ | ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠬᠤ ᠳᠤ ᠬᠦᠴᠦᠨ ᠨᠡᠮᠡᠷᠢᠯᠡᠬᠦ ᠪᠣᠯᠣᠨ᠎ᠠ᠃ | | | BX70B ᠴᠢᠩᠭᠡᠯᠢᠭ ᠲᠤ ᠲᠤᠰᠬᠠᠢ ᠬᠡᠷᠡᠭᠯᠡᠬᠦ ᠵᠠᠳᠠᠭᠠᠢ ᠲᠡᠷᠭᠡ ᠪᠣᠯ ᠣᠳᠣᠬᠠᠨ ᠤ ᠤᠯᠤᠰ ᠤᠨ | ᠳᠣᠲᠣᠭᠠᠳᠤ ᠶᠢᠨ ᠨᠡᠶᠢᠳᠡᠮ ᠤᠨ ᠬᠡᠷᠡᠭᠯᠡᠭᠡᠨ ᠤ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠲᠡᠷᠭᠡ ᠶᠢᠨ | ᠳᠣᠲᠣᠷᠠᠬᠢ ᠬᠠᠮᠤᠭ ᠤᠨ ᠤᠷᠳᠤ ᠲᠡᠷᠭᠡ ᠪᠣᠯᠣᠨ᠎ᠠ᠃ ᠲᠤᠰ ᠲᠡᠷᠭᠡ ᠨᠢ 26.36 ᠮᠧᠲᠷ ᠤᠷᠳᠤ᠂ ᠵᠠᠳᠠᠭᠠᠢ ᠲᠡᠷᠭᠡ | ᠪᠦᠷᠢ ᠨᠢ 40 ᠲᠣᠬᠤᠢ ᠤᠷᠳᠤ ᠬᠤᠶᠠᠷ ᠴᠢᠩᠭᠡᠯᠢᠭ ᠢ ᠠᠴᠢᠶᠠᠯᠠᠵᠤ᠂ ᠡᠩ ᠤᠨ ᠴᠢᠩᠭᠡᠯᠢᠭᠳᠦ ᠪᠠᠷᠠᠭᠠᠨ ᠤ | ᠵᠢᠰᠢᠶᠠᠨ ᠤ ᠭᠠᠯᠲᠤ ᠲᠡᠷᠭᠡ ᠶᠢᠨ ᠬᠤᠶᠠᠷ ᠳᠠᠭᠢᠨ ᠪᠠᠷᠠᠭ᠎ᠠ ᠶᠢ ᠲᠡᠭᠡᠭᠡᠪᠦᠷᠢᠯᠡᠵᠦ ᠪᠣᠯᠣᠨ᠎ᠠ᠃ ᠡᠨᠡ ᠨᠢ ᠵᠢᠰᠢᠶᠠᠨ ᠤ | ᠭᠠᠯᠲᠤ ᠲᠡᠷᠭᠡ ᠶᠢᠨ ᠪᠠᠷᠠᠭᠠᠨ ᠤ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠠᠭᠠᠴᠢ ᠪᠠᠷ ᠬᠦᠢᠲᠡᠨ | ᠬᠡᠯᠬᠢᠶᠡᠲᠦ ᠵᠢᠰᠢᠶᠠᠨ ᠤ ᠭᠠᠯᠲᠤ ᠲᠡᠷᠭᠡ ᠶᠢ ᠨᠡᠪᠲᠡᠷᠡᠭᠦᠯᠬᠦ ᠳᠤ ᠰᠠᠭᠤᠷᠢ ᠲᠠᠯᠪᠢᠪᠠ᠃ | | | BX70B ᠵᠢᠰᠢᠶᠠᠨ ᠤ ᠭᠠᠯᠲᠤ ᠲᠡᠷᠭᠡ ᠪᠣᠯ ᠭᠦᠭᠡᠬᠤᠲᠠ ᠪᠣᠯᠣᠨ ᠳᠤᠮᠳᠠᠳᠤ ᠤᠯᠤᠰ ᠤᠨ ᠲᠡᠮᠦᠷ | ᠵᠠᠮ ᠤᠨ ᠣᠨᠴᠠᠭᠠᠢ ᠪᠠᠷᠠᠭᠠᠨ ᠤ ᠲᠡᠭᠡᠭᠡᠪᠦᠷᠢ ᠶᠢᠨ ᠭᠦᠭᠡᠬᠤᠲᠠ ᠶᠢᠨ ᠬᠤᠪᠢᠶᠠᠷᠢ ᠺᠤᠮᠫᠠᠨᠢ᠂ ᠥᠪᠥᠷ ᠮᠣᠩᠭᠤᠯ ᠤᠨ | ᠳᠤᠮᠳᠠᠳᠤ ᠭᠠᠳᠠᠭᠠᠳᠤ ᠶᠢᠨ ᠲᠡᠭᠡᠭᠡᠪᠦᠷᠢ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ ᠶᠢᠨ ᠬᠢᠵᠠᠭᠠᠷᠲᠤ ᠺᠤᠮᠫᠠᠨᠢ | ᠬᠠᠮᠲᠤᠷᠠᠵᠤ ᠪᠠᠷᠠᠭᠠᠨ ᠤ ᠲᠡᠭᠡᠭᠡᠪᠦᠷᠢ ᠶᠢᠨ ᠵᠠᠭᠪᠤᠷ ᠤᠨ ᠰᠢᠨ᠎ᠡ ᠶᠢ ᠡᠭᠦᠳᠦᠭᠰᠡᠨ ᠴᠢᠬᠤᠯᠠ ᠦᠷ᠎ᠡ ᠪᠦᠲᠦᠭᠡᠯ ᠪᠠᠶᠢᠵᠤ᠂ | ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠢᠰᠢᠶᠠᠨ ᠤ ᠭᠠᠯᠲᠤ | ᠲᠡᠷᠭᠡ ᠶᠢᠨ ᠲᠡᠭᠡᠭᠡᠪᠦᠷᠢ ᠶᠢᠨ ᠳᠠᠭᠠᠭᠠᠴᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠭᠦᠭᠡᠬᠤᠲᠠ ᠶᠢᠨ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠵᠠᠩᠭᠢᠯᠠᠭ᠎ᠠ ᠶᠢᠨ ᠴᠡᠭ ᠤᠨ ᠬᠤᠲᠠ ᠶᠢ ᠱᠠᠯᠠᠪᠳᠠᠨ ᠪᠠᠶᠢᠭᠤᠯᠵᠤ᠂ | ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ | ᠢᠳᠡᠪᠬᠢᠲᠡᠢ ᠦᠢᠯᠡᠳᠦᠯ ᠦᠵᠡᠭᠦᠯᠭᠦ ᠪᠣᠯᠣᠨ᠎ᠠ᠃ |