ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2025/4/2
      ᠬᠤᠲᠠ ᠶᠢᠨ ᠲᠣᠭᠤᠷᠢᠭ ᠤᠨ ᠳᠦᠷᠰᠦ ᠪᠠᠶᠢᠳᠠᠯ ᠢ ᠰᠠᠶᠢᠵᠢᠷᠠᠭᠤᠯᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠷᠢᠶᠠᠲᠤ ᠣᠷᠣᠨ ᠤ ᠠᠷᠤ ᠵᠡᠭᠡᠯᠢ ᠵᠢᠵᠢᠭ ᠭᠤᠳᠤᠮᠵᠢ᠂ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠡᠷᠭᠢᠨ ᠲᠣᠭᠤᠷᠢᠨ ᠵᠡᠷᠭᠡ ᠶᠢ ᠨᠠᠷᠢᠯᠢᠭᠵᠢᠭᠤᠯᠤᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠡᠵᠡᠩᠨᠡᠬᠦ ᠦᠵᠡᠭᠳᠡᠯ ᠢ ᠭᠤᠣᠯᠳᠠᠯᠭ᠎ᠠ ᠲᠠᠢ ᠴᠡᠪᠡᠷᠯᠡᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 2000 ᠰᠢᠬᠠᠮ ᠬᠥᠮᠥᠨ ᠤᠳᠠᠭ᠎ᠠ ᠬᠥᠳᠡᠯᠭᠡᠵᠦ᠂ 200 ᠭᠠᠷᠤᠢ ᠵᠠᠮ ᠡᠵᠡᠯᠡᠭᠰᠡᠨ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ᠂ 200 ᠰᠢᠬᠠᠮ ᠭᠠᠵᠠᠷ ᠢ ᠴᠡᠪᠡᠷᠯᠡᠵᠦ᠂ 10 ᠭᠠᠷᠤᠢ ᠬᠠᠶᠠᠭᠳᠠᠮᠠᠯ ᠪᠠᠭᠠᠨ᠎ᠠ ᠶᠢᠨ ᠴᠣᠭᠴᠠ ᠶᠢ ᠨᠤᠷᠠᠭᠠᠪᠠ᠃  ᠬᠤᠲᠠ ᠶᠢᠨ ᠳᠦᠷᠢ ᠲᠥᠷᠬᠦ ᠶᠢᠨ ᠠᠰᠠᠭᠤᠳᠠᠯ ᠢ 100 ᠭᠠᠷᠤᠢ ᠴᠡᠭᠴᠡᠯᠡᠨ ᠵᠠᠰᠠᠵᠤ᠂ 8 ᠨᠡᠭᠦᠳᠡᠯ ᠲᠡᠷᠭᠡ ᠤᠬᠢᠶᠠᠪᠠ᠃ ᠡᠭᠦᠨ ᠤ ᠬᠠᠮᠲᠤ᠂ ᠳᠡᠯᠭᠡᠭᠦᠷ ᠤᠨ ᠫᠠᠶᠢᠰᠠ ᠢᠯᠡᠷᠬᠡᠶᠢᠯᠡᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠪᠠᠶᠢᠷᠢᠯᠠᠭᠤᠯᠤᠭᠰᠠᠨ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠢ ᠨᠡᠶᠢᠲᠡ 25 ᠭᠠᠵᠠᠷ᠂ LED ᠳ᠋ᠧᠩ ᠤᠨ ᠫᠠᠶᠢᠰᠠ ᠶᠢ 6 ᠨᠤᠷᠠᠭᠠᠪᠠ᠃ ᠳᠤᠭᠤᠢ ᠲᠡᠷᠭᠡ ᠳᠤᠷ᠎ᠠ ᠪᠠᠷ ᠢᠶᠠᠨ ᠵᠣᠭᠰᠤᠭᠠᠬᠤ 280 ᠭᠠᠵᠠᠷ ᠢ ᠬᠠᠮᠲᠤ ᠪᠠᠷ ᠡᠳ᠋ᠯᠡᠵᠦ᠂ ᠵᠠᠮ ᠬᠠᠷᠢᠯᠴᠠᠭᠠᠨ ᠤ ᠴᠠᠭᠳᠠᠭ᠎ᠠ ᠲᠠᠢ ᠬᠠᠮᠲᠤᠷᠠᠨ ᠮᠠᠰᠢᠨᠲᠤ ᠲᠡᠷᠭᠡ ᠶᠢ ᠳᠤᠷ᠎ᠠ ᠪᠠᠷ ᠢᠶᠠᠨ ᠵᠣᠭᠰᠤᠭᠠᠬᠤ ᠶᠢ 21 ᠭᠠᠵᠠᠷ ᠴᠡᠭᠴᠡᠯᠡᠨ ᠵᠠᠰᠠᠵᠤ᠂ ᠬᠤᠲᠠ ᠶᠢᠨ ᠵᠡᠭᠡᠯᠢ ᠭᠤᠳᠤᠮᠵᠢ ᠶᠢᠨ ᠴᠡᠪᠡᠷ ᠴᠡᠮᠴᠡᠭᠡᠷ ᠬᠡᠮᠵᠢᠶ᠎ᠡ ᠪᠠ ᠭᠤᠶᠣ ᠰᠠᠶᠢᠬᠠᠨ ᠪᠠᠶᠢᠳᠠᠯ ᠢ ᠪᠦᠲᠦᠮᠵᠢᠲᠡᠶ ᠳᠡᠭᠡᠭᠰᠢᠯᠡᠭᠦᠯᠪᠡ᠃
图片3.jpg
图片4.png
图片5.jpg
图片6.jpg
      ᠡᠭᠦᠨ ᠤ ᠬᠠᠮᠲᠤ᠂ ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠣᠷᠴᠢᠨ ᠲᠣᠭᠤᠷᠢᠨ ᠢ ᠴᠡᠪᠡᠷ ᠨᠠᠷᠢᠯᠢᠭᠵᠢᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠣᠷᠴᠢᠨ ᠲᠣᠭᠤᠷᠢᠨ ᠤ ︽ᠭᠤᠸ᠎ᠠ ᠰᠠᠶᠢᠬᠠᠨ ᠤ ᠵᠠᠭᠪᠤᠷ︾ ᠢ ᠡᠬᠢᠯᠡᠭᠦᠯᠦᠨ᠎ᠡ᠃ ᠴᠡᠪᠡᠷᠯᠡᠬᠦ ᠠᠵᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠨ ᠴᠡᠪᠡᠷ ᠢ ᠬᠠᠮᠠᠭᠠᠯᠠᠬᠤ ᠤᠳᠠᠭ᠎ᠠ ᠪᠠᠨ ᠨᠡᠮᠡᠭᠳᠡᠭᠦᠯᠵᠦ᠂ ᠬᠤᠷᠠᠮᠳᠤᠭᠰᠠᠨ ᠬᠤᠭ ᠨᠣᠪᠰᠢ ᠶᠢ ᠴᠡᠪᠡᠷᠯᠡᠵᠦ᠂ ᠣᠷᠴᠢᠨ ᠲᠣᠭᠤᠷᠢᠨ ᠴᠡᠪᠡᠷ ᠪᠤᠰᠤ ᠪᠠᠶᠢᠬᠤ ᠦᠵᠡᠭᠳᠡᠯ ᠢ ᠡᠷᠡᠰ ᠬᠤᠷᠢᠭᠯᠠᠨ᠎ᠠ᠃ ᠨᠡᠶᠢᠲᠡ 6000 ᠭᠠᠷᠤᠢ ᠬᠥᠮᠥᠨ ᠤᠳᠠᠭ᠎ᠠ᠂ ᠮᠠᠰᠢᠨᠴᠢᠯᠠᠭᠰᠠᠨ ᠠᠵᠢᠯᠯᠠᠬᠤ ᠲᠡᠷᠭᠡ ᠬᠥᠰᠬᠡ ᠶᠢ 300 ᠭᠠᠷᠤᠢ ᠤᠳᠠᠭ᠎ᠠ ᠬᠥᠳᠡᠯᠭᠡᠵᠦ᠂ 700 ᠭᠠᠷᠤᠢ ᠳᠦᠨ ᠬᠤᠭ ᠨᠣᠪᠰᠢ ᠴᠡᠪᠡᠷᠯᠡᠵᠦ᠂ ᠨᠣᠭᠤᠭᠠᠷᠠᠭᠤᠯᠤᠯᠲᠠ ᠶᠢᠨ ᠪᠦᠰᠡ᠂ ᠮᠣᠳᠣᠨ ᠨᠦᠬᠡ᠂ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ 5000 ᠰᠢᠬᠠᠮ ᠴᠡᠪᠡᠷᠯᠡᠵᠦ᠂ ᠪᠣᠷᠣᠭᠠᠨ ᠤ ᠤᠰᠤᠨ ᠤ ᠬᠤᠳᠳᠤᠭ ᠢ 2000 ᠭᠠᠷᠤᠢ ᠴᠡᠪᠡᠷᠯᠡᠨ ᠭᠠᠷᠭᠠᠵᠤ᠂ ᠣᠯᠠᠨ ᠨᠡᠶᠢᠲᠡ ᠶᠢᠨ ᠲᠥᠬᠦᠭᠡᠷᠦᠮᠵᠢ ᠶᠢ 2000 ᠭᠠᠷᠤᠢ ᠵᠦᠯᠭᠦᠵᠦ᠂ ᠱᠦᠭᠦᠷᠳᠡᠨ ᠴᠡᠪᠡᠷᠯᠡᠵᠦ ᠲᠤᠰᠠᠭᠠᠷᠯᠠᠨ ᠬᠠᠮᠠᠭᠠᠯᠠᠬᠤ ᠬᠡᠷᠡᠰᠬᠡ ᠶᠢ 7000 ᠭᠠᠷᠤᠢ ᠮᠧᠲᠷ ᠴᠡᠪᠡᠷᠯᠡᠵᠡᠢ᠃ ᠬᠤᠲᠠ ᠶᠢᠨ ᠳᠤᠮᠳᠠᠬᠢ ᠲᠣᠰᠬᠤᠨ ᠢ ᠨᠠᠷᠢᠯᠢᠭᠵᠢᠭᠤᠯᠤᠨ ᠴᠡᠭᠴᠡᠯᠡᠨ ᠵᠠᠰᠠᠬᠤ ᠠᠵᠢᠯ ᠬᠢᠵᠦ᠂ ᠬᠤᠭ ᠨᠣᠪᠰᠢ 100 ᠭᠠᠷᠤᠢ ᠲᠣᠨ ᠴᠡᠪᠡᠷᠯᠡᠪᠡ᠃ ᠥᠨᠳᠥᠷ ᠪᠠᠷᠢᠮᠵᠢᠶ᠎ᠠ ᠶᠢ ᠪᠠᠷᠢᠮᠲᠠᠯᠠᠨ᠂ ᠵᠠᠮ ᠤᠨ ᠡᠳᠦᠷ ᠲᠤᠲᠤᠮ ᠤᠨ ᠠᠷᠢᠭᠤᠨ ᠴᠡᠪᠡᠷ ᠢ ᠰᠠᠶᠢᠲᠤᠷ ᠬᠢᠵᠦ᠂ ᠵᠠᠮ ᠤᠨ ᠠᠷᠢᠭᠤᠨ ᠴᠡᠪᠡᠷ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢ ᠴᠢᠩᠭ᠎ᠠ ᠱᠠᠭᠠᠷᠳᠠᠪᠠ᠃                   ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ  
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号