| 2025 ᠤ 3 ᠳ᠋ᠤᠭᠠᠷ ᠰᠠᠷ᠎ᠠ ᠶᠢᠨ 24 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠵᠣᠬᠢᠶᠠᠨ ᠪᠠᠶᠢᠭᠤᠯᠤᠨ ︽ᠬᠤᠲᠠ ᠶᠢᠨ ᠣᠷᠣᠨ ᠰᠠᠭᠤᠴᠠ ᠶᠢᠨ | ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠵᠢᠯᠣᠭᠤᠳᠤᠮᠵᠢ ︵ | ᠲᠤᠷᠰᠢᠨ ᠬᠡᠷᠡᠭᠵᠢᠭᠦᠯᠬᠦ︶︾ ︵ᠳᠣᠷᠣᠭᠰᠢ ︽ᠵᠢᠯᠣᠭᠤᠳᠤᠮᠵᠢ︾ ᠭᠡᠵᠦ ᠲᠣᠪᠴᠢᠯᠠᠨ᠎ᠠ︶ ᠢ ᠨᠠᠶᠢᠷᠠᠭᠤᠯᠤᠨ ᠵᠣᠬᠢᠶᠠᠵᠤ | ᠳᠠᠷᠤᠮᠠᠯᠯᠠᠨ ᠲᠠᠷᠬᠠᠭᠠᠪᠠ᠃ ᠶᠡᠷᠦᠩᠬᠡᠢ ᠳᠦᠷᠢᠮ᠂ ᠲᠣᠭᠲᠠᠭᠠᠬᠤ ᠱᠠᠭᠠᠷᠳᠠᠯᠭ᠎ᠠ᠂ ᠬᠤᠲᠠ ᠶᠢᠨ ᠣᠷᠣᠨ ᠰᠠᠭᠤᠴᠠ ᠶᠢᠨ | ᠬᠥᠭᠵᠢᠯᠲᠡ ᠶᠢᠨ ᠲᠥᠯᠦᠪᠵᠢᠭᠦᠯᠭᠡ ᠵᠢᠴᠢ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠭᠤᠯᠭ᠎ᠠ ᠵᠢᠴᠢ | ᠮᠡᠷᠭᠡᠵᠢᠯ ᠤᠨ ᠭᠤᠣᠯᠳᠠᠯᠭ᠎ᠠ᠂ ᠦᠷ᠎ᠡ ᠪᠦᠲᠦᠭᠡᠯ ᠬᠡᠯᠪᠡᠷᠢ ᠵᠡᠷᠭᠡ ᠲᠠᠪᠤᠨ ᠲᠠᠯ᠎ᠠ ᠠᠴᠠ ᠡᠯ᠎ᠡ ᠬᠤᠲᠠ ᠶᠢᠨ ᠣᠷᠣᠨ | ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠰᠠᠶᠢᠲᠤᠷ ᠬᠢᠬᠦ ᠳᠤ ᠪᠠᠷᠢᠮᠵᠢᠶ᠎ᠠ ᠵᠢᠯᠣᠭᠤᠳᠤᠮᠵᠢ ᠬᠠᠩᠭᠠᠪᠠ᠃ | | | ᠰᠢᠰᠲ᠋ᠧᠮ ᠲᠠᠢ ᠲᠥᠯᠥᠪᠵᠢᠭᠦᠯᠬᠦ ᠶᠢ ᠴᠢᠩᠭᠠᠳᠬᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ | ᠬᠥᠭᠵᠢᠯᠲᠡ ᠶᠢᠨ ᠰᠢᠨ᠎ᠡ ᠪᠠᠶᠢᠷᠢᠰᠢᠯ ᠢ ᠨᠢᠭᠡᠳᠦᠯᠲᠡᠢ ᠲᠥᠯᠥᠪᠵᠢᠭᠦᠯᠦᠨ᠎ᠡ᠃ ᠮᠠᠨ ᠤ ᠤᠯᠤᠰ ᠤᠨ ᠭᠡᠷ ᠪᠠᠶᠢᠰᠢᠩ | ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ | ᠬᠤᠪᠢᠷᠠᠯᠲᠠ ᠭᠠᠷᠤᠭᠰᠠᠨ ᠠᠬᠤᠢ ᠪᠠᠶᠢᠳᠠᠯ ᠳᠣᠣᠷ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ | ᠰᠢᠨ᠎ᠡ ᠵᠠᠭᠪᠤᠷ ᠢ ᠲᠦᠷᠭᠡᠪᠴᠢᠯᠡᠨ ᠪᠠᠶᠢᠭᠤᠯᠬᠤ ᠳᠤ ᠰᠢᠰᠲ᠋ᠧᠮᠲᠦ ᠰᠡᠳᠬᠢᠬᠦᠢ ᠶᠢ ᠪᠠᠲᠤ ᠡᠵᠡᠮᠳᠡᠬᠦ ᠴᠢᠬᠤᠯᠠᠲᠠᠢ ᠶᠤᠮ ᠃ | ︽ᠵᠢᠯᠣᠭᠤᠳᠤᠮᠵᠢ︾ ᠳᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ᠂ ᠨᠢᠭᠡ ᠳᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠣᠷᠣᠨ | ᠰᠠᠭᠤᠴᠠ ᠶᠢᠨ ᠬᠦᠷᠢᠶᠡᠨ ᠤ ᠭᠤᠣᠯ ᠠᠰᠠᠭᠤᠳᠠᠯ ᠢ ᠣᠨᠣᠪᠴᠢᠲᠠᠶ ᠢᠯᠭᠠᠨ ᠲᠠᠨᠢᠵᠤ᠂ ᠬᠥᠭᠵᠢᠯᠲᠡ ᠶᠢᠨ ᠬᠠᠷᠠᠯᠲᠠ | ᠪᠠ ᠭᠤᠣᠯ ᠰᠡᠳᠦᠪ ᠭᠤᠣᠯ ᠱᠤᠭᠤᠮ ᠤᠨ ᠲᠣᠭᠤᠷᠢᠨ ᠳᠤ᠂ ᠣᠷᠣᠨ ᠰᠠᠭᠤᠴᠠ ᠶᠢᠨ ᠬᠦᠷᠢᠶᠡᠨ ᠤ ᠠᠷᠪᠠᠨ ᠶᠡᠭᠡ | ᠭᠤᠣᠯᠳᠠᠯᠭ᠎ᠠ ᠲᠠᠢ ᠠᠵᠢᠯ ᠢ ᠡᠮᠬᠢᠯᠡᠨ ᠨᠡᠶᠢᠯᠡᠭᠦᠯᠵᠦ᠂ ︽ᠬᠠᠷᠠᠯᠲᠠ - ᠭᠦᠢᠴᠡᠳᠬᠡᠯ ᠲᠤᠭ᠎ᠠ - ᠭᠤᠣᠯᠳᠠᠯᠭ᠎ᠠ ᠲᠠᠢ | ᠡᠭᠦᠷᠭᠡ︾ ᠶᠢᠨ ᠬᠤᠭᠤᠷᠣᠨᠳᠣᠬᠢ ᠬᠤᠯᠪᠤᠭᠠᠯᠠᠨ ᠬᠥᠳᠡᠯᠦᠯᠴᠡᠬᠦ ᠬᠠᠷᠢᠴᠠᠭ᠎ᠠ ᠶᠢ ᠴᠢᠩᠭᠠᠷᠠᠭᠤᠯᠤᠨ᠎ᠠ᠃ ᠬᠤᠶᠠᠷ ᠲᠤ᠂ | ︽ᠬᠥᠮᠥᠨ᠂ ᠭᠡᠷ ᠪᠠᠶᠢᠰᠢᠩ᠂ ᠭᠠᠵᠠᠷ ᠰᠢᠷᠣᠢ᠂ ᠵᠣᠭᠤᠰ︾ ᠤᠨ ᠴᠢᠬᠤᠯᠠ ᠡᠯᠧᠮᠧᠨ᠋ᠲ ᠢ ᠬᠤᠯᠪᠣᠯᠳᠤᠭᠤᠯᠬᠤ ᠶᠢ | ᠪᠠᠷᠢᠮᠲᠠᠯᠠᠬᠤ ᠬᠡᠷᠡᠭᠲᠡᠢ᠃ ᠣᠷᠣᠨ ᠰᠠᠭᠤᠴᠠ ᠶᠢᠨ ᠣᠳᠣᠬᠢ ᠪᠠᠶᠢᠳᠠᠯ᠂ ᠬᠥᠮᠥᠨ ᠠᠮᠠ ᠶᠢᠨ ᠬᠤᠪᠢᠷᠠᠯᠲᠠ᠂ ᠠᠵᠤ | ᠦᠢᠯᠡᠰ ᠤᠨ ᠪᠠᠶᠢᠷᠢᠰᠢᠯ ᠵᠡᠷᠭᠡ ᠶᠢ ᠦᠨᠳᠦᠰᠦᠯᠡᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ | ᠲᠣᠭᠲᠠᠭᠠᠵᠤ᠂ ᠣᠷᠣᠨ ᠰᠠᠭᠤᠴᠠ ᠶᠢᠨ ᠬᠠᠩᠭᠠᠯᠭ᠎ᠠ ᠶᠢᠨ ᠬᠡᠪᠴᠢᠶ᠎ᠡ᠂ ᠪᠦᠲᠦᠴᠡ᠂ ᠣᠷᠣᠨ ᠵᠠᠢ ᠶᠢᠨ ᠪᠠᠶᠢᠷᠢᠰᠢᠯ ᠪᠠ | ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠨ᠂ ᠭᠠᠵᠠᠷ ᠰᠢᠷᠣᠢ ᠶᠢᠨ ᠬᠠᠩᠭᠠᠯᠭ᠎ᠠ ᠶᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠮᠥᠩᠭᠦᠨ ᠭᠦᠢᠯᠭᠡᠭᠡ᠂ ᠡᠳ᠋ ᠤᠨ ᠵᠠᠰᠠᠭ ᠭᠠᠶᠢᠯᠢ ᠶᠢᠨ ᠡᠬᠢ ᠪᠠᠶᠠᠯᠢᠭ ᠢ | ᠬᠥᠲᠥᠯᠥᠨ ᠵᠢᠯᠤᠭᠤᠳᠴᠤ ᠲᠣᠬᠢᠷᠠᠭᠤᠯᠤᠨ᠂ ᠬᠥᠮᠥᠨ ᠢᠶᠠᠷ ᠭᠡᠷ ᠪᠠᠶᠢᠰᠢᠩ ᠲᠣᠭᠲᠠᠭᠠᠬᠤ᠂ ᠭᠡᠷ ᠪᠠᠶᠢᠰᠢᠩ ᠢᠶᠠᠷ | ᠭᠠᠵᠠᠷ ᠲᠣᠭᠲᠠᠭᠠᠬᠤ᠂ ᠭᠡᠷ ᠪᠠᠶᠢᠰᠢᠩ ᠢᠶᠠᠷ ᠵᠣᠭᠤᠰ ᠲᠣᠭᠲᠠᠭᠠᠬᠤ ᠶᠢ ᠪᠡᠶᠡᠯᠡᠭᠦᠯᠵᠦ᠂ ᠣᠷᠣᠨ ᠰᠠᠭᠤᠴᠠ ᠶᠢᠨ | ᠬᠠᠩᠭᠠᠯᠭ᠎ᠠ ᠬᠡᠷᠡᠭᠴᠡᠭᠡ ᠶᠢᠨ ᠣᠯᠠᠨ ᠡᠰᠢᠵᠢᠭᠰᠡᠨ ᠨᠠᠷᠢᠯᠢᠭ ᠣᠨᠣᠴᠠᠲᠠᠢ ᠪᠠᠷ ᠲᠣᠬᠢᠷᠠᠭᠤᠯᠬᠤ ᠶᠢ ᠪᠡᠶᠡᠯᠡᠭᠦᠯᠦᠨ᠎ᠡ᠃ | ᠭᠤᠷᠪᠠ ᠳᠤ᠂ ︽ᠠᠵᠢᠯ ᠣᠷᠣᠨ ᠰᠠᠭᠤᠴᠠ ᠵᠠᠮ ᠬᠠᠷᠢᠯᠴᠠᠭ᠎ᠠ ᠦᠢᠯᠡᠴᠢᠯᠡᠭᠡ︾ ᠶᠢᠨ ᠣᠷᠣᠨ ᠵᠠᠢ ᠶᠢᠨ | ᠬᠠᠮᠵᠢᠯᠴᠠᠭ᠎ᠠ ᠶᠢ ᠪᠠᠷᠢᠮᠲᠠᠯᠠᠬᠤ ᠬᠡᠷᠡᠭᠲᠡᠢ᠃ ᠣᠷᠣᠨ ᠰᠠᠭᠤᠴᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠳᠤ | ᠠᠵᠢᠯ ᠪᠠ ᠣᠷᠣᠨ ᠰᠠᠭᠤᠴᠠ ᠶᠢᠨ ᠲᠡᠩᠴᠡᠭᠦᠷᠢ ᠶᠢᠨ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠨ᠂ ᠣᠷᠣᠨ | ᠰᠠᠭᠤᠴᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠳᠤ ᠨᠡᠶᠢᠴᠡᠭᠰᠡᠨ ᠤᠷᠢᠲᠠᠯ | ᠳᠣᠣᠷ᠎ᠠ᠂ ᠣᠷᠣᠨ ᠰᠠᠭᠤᠴᠠ ᠶᠢᠨ ᠬᠠᠩᠭᠠᠯᠭ᠎ᠠ ᠶᠢᠨ ᠪᠦᠲᠦᠴᠡ ᠪᠠ ᠪᠠᠶᠢᠷᠢᠰᠢᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠵᠠᠮ ᠬᠠᠷᠢᠯᠴᠠᠭᠠᠨ ᠤ ᠲᠥᠬᠦᠭᠡᠷᠦᠮᠵᠢ᠂ ᠬᠤᠳᠠᠯᠳᠤᠭ᠎ᠠ ᠦᠢᠯᠡᠴᠢᠯᠡᠭᠡᠨ ᠤ | ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠵᠢᠴᠢ ᠬᠤᠲᠠ ᠶᠢᠨ ᠶᠠᠪᠤᠳᠠᠯ ᠤᠨ ᠰᠠᠭᠤᠷᠢ | ᠲᠥᠬᠦᠭᠡᠷᠦᠮᠵᠢ ᠵᠡᠷᠭᠡ ᠯᠦᠭᠡ ᠬᠠᠮᠵᠢᠯᠴᠠᠨ ᠪᠠᠶᠢᠷᠢᠰᠢᠭᠤᠯᠬᠤ ᠶᠢ ᠴᠢᠩᠭᠠᠷᠠᠭᠤᠯᠤᠨ᠎ᠠ᠃ | | | ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠬᠠᠩᠭᠠᠯᠭ᠎ᠠ ᠬᠡᠷᠡᠭᠴᠡᠭᠡ ᠶᠢ | ᠨᠠᠷᠢᠯᠢᠭ ᠣᠨᠣᠴᠠᠲᠠᠢ ᠪᠠᠷ ᠵᠣᠬᠢᠴᠠᠭᠤᠯᠬᠤ ᠶᠢ ᠪᠡᠶᠡᠯᠡᠭᠦᠯᠦᠨ᠎ᠡ᠃ ︽ᠵᠢᠯᠣᠭᠤᠳᠤᠮᠵᠢ︾ ᠳᠤ᠂ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠠᠭᠠᠨ ᠪᠠᠲᠤᠯᠠᠭ᠎ᠠ ᠶᠢᠨ ᠪᠠ ᠵᠠᠬ᠎ᠠ ᠳᠡᠯᠭᠡᠭᠦᠷ ᠤᠨ ᠬᠤᠶᠠᠷ ᠰᠢᠰᠲ᠋ᠧᠮ ᠢ | ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠵᠦᠢ ᠵᠣᠬᠢᠰᠲᠠᠢ ᠣᠷᠣᠨ ᠰᠠᠭᠤᠴᠠ ᠶᠢᠨ | ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠪᠠᠷ ᠵᠠᠷᠴᠢᠮ ᠪᠣᠯᠭᠠᠬᠤ ᠬᠡᠷᠡᠭᠲᠡᠢ᠂ ᠲᠤᠬᠠᠶᠢᠯᠠᠪᠠᠯ ᠵᠠᠰᠠᠭ ᠤᠨ | ᠣᠷᠳᠣᠨ ᠢᠶᠠᠷ ᠭᠤᠣᠯᠯᠠᠭᠤᠯᠤᠨ ᠬᠤᠲᠠ ᠪᠠᠯᠭᠠᠰᠤᠨ ᠤ ᠣᠷᠣᠨ ᠰᠠᠭᠤᠴᠠ ᠶᠢᠨ ᠬᠦᠴᠢᠷᠳᠡᠯ ᠲᠠᠢ ᠴᠠᠯᠢᠩ ᠤᠨ | ᠬᠠᠮᠲᠤᠯᠢᠭ ᠤᠨ ᠵᠠᠶᠢᠯᠠᠰᠢ ᠦᠭᠡᠢ ᠣᠷᠣᠨ ᠰᠠᠭᠤᠴᠠ ᠶᠢᠨ ᠬᠡᠷᠡᠭᠴᠡᠭᠡ ᠶᠢ ᠪᠠᠲᠤᠯᠠᠨ᠎ᠠ᠂ ᠵᠠᠬ᠎ᠠ ᠳᠡᠯᠭᠡᠭᠦᠷ ᠢᠶᠠᠷ | ᠭᠤᠣᠯᠯᠠᠭᠤᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠯᠠᠨ ᠶᠠᠩᠵᠤᠯᠠᠭᠰᠠᠨ ᠰᠠᠶᠢᠵᠢᠷᠠᠭᠤᠯᠬᠤ ᠴᠢᠨᠠᠷᠲᠠᠢ | ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ ᠣᠷᠣᠨ ᠰᠠᠭᠤᠴᠠ ᠶᠢᠨ | ᠪᠠᠲᠤᠯᠠᠭ᠎ᠠ ᠪᠠ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠠᠯ᠎ᠠ ᠪᠠᠷ ᠬᠢ ᠬᠥᠭᠵᠢᠯᠲᠡ ᠶᠢᠨ | ᠬᠠᠷᠠᠯᠲᠠ ᠪᠠ ᠭᠤᠣᠯ ᠡᠭᠦᠷᠭᠡ ᠶᠢ ᠲᠣᠳᠣᠷᠬᠠᠢ ᠪᠣᠯᠭᠠᠨ᠎ᠠ᠄ ᠨᠢᠭᠡ ᠳᠤ᠂ ᠣᠷᠣᠨ ᠰᠠᠭᠤᠴᠠ ᠶᠢᠨ ᠪᠠᠲᠤᠯᠠᠭ᠎ᠠ ᠶᠢᠨ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠣᠷᠣᠨ ᠰᠠᠭᠤᠴᠠ ᠶᠢᠨ ᠪᠠᠲᠤᠯᠠᠭ᠎ᠠ ᠶᠢᠨ | ᠰᠢᠰᠲ᠋ᠧᠮᠵᠢ ᠶᠢᠨ ᠪᠦᠷᠢᠯᠳᠦᠯ ᠢ ᠲᠣᠳᠣᠷᠬᠠᠶᠢᠯᠠᠵᠤ᠂ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠪᠦᠲᠦᠭᠡᠨ ᠪᠠᠶᠢᠭᠤᠯᠬᠤ ᠬᠡᠪᠴᠢᠶ᠎ᠡ᠂ ᠭᠡᠷ ᠪᠠᠶᠢᠰᠢᠩ ᠤᠨ ᠢᠷᠡᠯᠲᠡ ᠶᠢᠨ ᠵᠠᠭᠪᠤᠷ᠂ ᠪᠦᠲᠦᠭᠡᠨ | ᠪᠠᠶᠢᠭᠤᠯᠬᠤ ᠪᠠᠷᠢᠮᠵᠢᠶ᠎ᠠ ᠪᠠ ᠪᠡᠯᠡ ᠮᠥᠩᠭᠦ ᠶᠢᠨ ᠢᠷᠡᠯᠲᠡ ᠵᠡᠷᠭᠡ ᠠᠭᠤᠯᠭ᠎ᠠ ᠶᠢ ᠲᠣᠭᠲᠠᠭᠠᠵᠤ᠂ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠶᠢᠨ ᠬᠤᠪᠢᠶᠠᠷᠢᠯᠠᠯᠲᠠ᠂ ᠡᠵᠡᠩᠨᠡᠯᠲᠡ ᠶᠢᠨ ᠦᠢᠯᠡᠴᠢᠯᠡᠭᠡ᠂ ᠬᠢᠨᠠᠯᠲᠠ ᠬᠠᠮᠢᠶᠠᠷᠤᠯᠲᠠ | ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠰᠢᠯᠢᠳᠡᠭᠵᠢᠭᠦᠯᠦᠨ᠎ᠡ᠃ ᠬᠤᠶᠠᠷ ᠲᠤ᠂ ᠣᠷᠣᠨ ᠰᠠᠭᠤᠴᠠ ᠶᠢᠨ ᠵᠠᠬ᠎ᠠ | ᠳᠡᠯᠭᠡᠭᠦᠷ ᠤᠨ ᠡᠮᠬᠢ ᠵᠢᠷᠤᠮ ᠲᠠᠢ ᠪᠠᠷ ᠬᠥᠭᠵᠢᠬᠦ ᠶᠢ ᠳᠡᠮᠵᠢᠬᠦ ᠬᠡᠷᠡᠭᠲᠡᠢ᠃ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ ᠪᠦᠷᠬᠦᠴᠡ ᠶᠢᠨ ᠬᠡᠪᠴᠢᠶ᠎ᠡ ᠶᠢ ᠥᠷᠭᠡᠳᠬᠡᠬᠦ᠂ | ᠪᠡᠯᠡ ᠮᠥᠩᠭᠦ ᠶᠢᠨ ᠬᠡᠷᠡᠭᠯᠡᠯᠲᠡ ᠶᠢ ᠰᠢᠯᠢᠳᠡᠭᠵᠢᠭᠦᠯᠬᠦ ᠵᠡᠷᠭᠡ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠬᠡᠷᠡᠭᠴᠡᠭᠡ ᠱᠠᠭᠠᠷᠳᠠᠯᠭ᠎ᠠ ᠶᠢ ᠳᠡᠮᠵᠢᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠵᠠᠬ᠎ᠠ ᠳᠡᠯᠭᠡᠭᠦᠷ ᠤᠨ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠠᠭᠤᠯᠭ᠎ᠠ ᠶᠢ | ᠵᠢᠷᠤᠮᠵᠢᠭᠤᠯᠤᠨ᠂ ᠬᠡᠪᠴᠢᠶᠡᠵᠢᠭᠦᠯᠦᠭᠰᠡᠨ ᠣᠷᠣᠨ ᠰᠠᠭᠤᠴᠠ ᠶᠢᠨ ᠲᠦᠷᠢᠶᠡᠰᠦᠯᠡᠯ ᠤᠨ ᠠᠵᠤ ᠠᠬᠤᠶᠢᠯᠠᠯ ᠢ | ᠪᠣᠶᠢᠵᠢᠭᠤᠯᠤᠨ᠎ᠠ᠃ | | | ᠨᠡᠮᠡᠭᠳᠡᠯ ᠭᠡᠷ ᠪᠠᠶᠢᠰᠢᠩ ᠤᠨ ᠬᠠᠳᠠᠭᠠᠯᠠᠯᠲᠠ ᠶᠢ ᠨᠢᠭᠡᠳᠦᠯᠲᠡᠢ ᠲᠥᠯᠥᠪᠯᠡᠵᠦ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠶᠠᠰᠤ ᠴᠢᠨᠠᠷ ᠴᠢᠳᠠᠪᠤᠷᠢ ᠶᠢ ᠲᠡᠭᠡᠭᠰᠢᠯᠡᠭᠦᠯᠦᠨ᠎ᠡ᠃ ︽ᠵᠢᠯᠣᠭᠤᠳᠤᠮᠵᠢ︾ ᠳᠤ᠂ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠠᠭᠠᠨ ᠨᠡᠮᠡᠭᠳᠡᠯ ᠤᠨ ᠬᠡᠮᠵᠢᠶ᠎ᠡ ᠪᠠ ᠬᠠᠳᠠᠭᠠᠯᠠᠯᠲᠠ ᠶᠢᠨ ᠬᠡᠮᠵᠢᠶ᠎ᠡ ᠶᠢ ᠨᠢᠭᠡᠳᠦᠯᠲᠡᠢ | ᠲᠥᠯᠥᠪᠯᠡᠨ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠵᠠᠷᠴᠢᠮ ᠪᠣᠯᠭᠠᠬᠤ ᠶᠢ ᠪᠠᠷᠢᠮᠲᠠᠯᠠᠨ᠎ᠠ᠂ ᠡᠭᠦᠨ ᠤ ᠵᠠᠩᠭᠢᠯᠠᠭ᠎ᠠ ᠨᠢ | ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ᠂ ᠬᠠᠳᠠᠭᠠᠯᠠᠯᠲᠠ ᠶᠢᠨ ᠬᠡᠮᠵᠢᠶ᠎ᠡ ᠶᠢ ᠴᠢᠯᠦᠭᠡᠲᠡᠢ ᠪᠣᠯᠭᠠᠵᠤ᠂ ᠶᠠᠰᠤ | ᠴᠢᠨᠠᠷ ᠢ ᠳᠡᠭᠡᠭᠰᠢᠯᠡᠭᠦᠯᠬᠦ ᠳᠤ ᠪᠣᠶ᠃ ᠨᠢᠭᠡ ᠳᠤ᠂ ᠨᠡᠮᠡᠭᠳᠡᠯ ᠪᠠ ᠬᠠᠳᠠᠭᠠᠯᠠᠯᠲᠠ ᠶᠢ ᠵᠡᠷᠭᠡ ᠪᠠᠷ ᠴᠢᠬᠤᠯᠠᠴᠢᠯᠠᠵᠤ᠂ | ᠬᠤᠳᠠ ᠶᠢᠨ ᠰᠢᠨᠡᠴᠢᠯᠡᠯᠲᠡ ᠶᠢ ᠬᠡᠷᠡᠭᠵᠢᠭᠦᠯᠬᠦ ᠠᠷᠭ᠎ᠠ ᠵᠠᠮ ᠢ ᠰᠢᠯᠢᠳᠡᠭᠵᠢᠭᠦᠯᠦᠨ᠎ᠡ᠃ ᠮᠠᠨ ᠤ ᠤᠯᠤᠰ ᠤᠨ ᠣᠷᠣᠨ | ᠰᠠᠭᠤᠴᠠ ᠶᠢᠨ ᠬᠥᠭᠵᠢᠯᠲᠡ ᠨᠢ ᠨᠡᠮᠡᠭᠳᠡᠯ ᠤᠨ ᠬᠡᠮᠵᠢᠶ᠎ᠡ ᠪᠠᠷ ᠭᠤᠣᠯ ᠪᠣᠯᠭᠠᠵᠤ ᠪᠠᠶᠢᠭᠰᠠᠨ ᠠᠴᠠ ᠪᠠᠨ ᠨᠡᠮᠡᠭᠳᠡᠯ ᠪᠠ | ᠬᠠᠳᠠᠭᠠᠯᠠᠯᠲᠠ ᠶᠢ ᠵᠡᠷᠭᠡ ᠪᠠᠷ ᠴᠢᠬᠤᠯᠠᠴᠢᠯᠠᠬᠤ ᠰᠢᠨ᠎ᠡ ᠴᠠᠭ ᠦᠶ᠎ᠡ ᠳᠤ ᠰᠢᠯᠵᠢᠬᠦ ᠶᠢ ᠳᠠᠭᠠᠯᠳᠤᠨ᠂ ᠬᠤᠳᠠ ᠶᠢᠨ | ᠰᠢᠨᠡᠴᠢᠯᠡᠯᠲᠡ ᠨᠢ ᠨᠢᠭᠡᠨᠲᠡ ᠤᠯᠤᠰ ᠤᠨ ᠪᠠᠶᠢᠯᠳᠤᠬᠤ ᠪᠣᠳᠣᠯᠭ᠎ᠠ ᠪᠣᠯᠣᠨ ᠳᠡᠭᠡᠭᠰᠢᠯᠡᠵᠦ᠂ ᠡᠨᠡ ᠬᠦ ᠱᠠᠲᠤᠨ ᠳᠠᠬᠢ | ᠬᠤᠳᠠ ᠶᠢᠨ ᠣᠷᠣᠨ ᠰᠠᠭᠤᠴᠠ ᠶᠢᠨ ᠬᠥᠭᠵᠢᠯᠲᠡ ᠶᠢᠨ ᠭᠤᠣᠯ ᠬᠦᠭ ᠠᠶᠠᠰ ᠪᠠ ᠤᠭ ᠬᠥᠳᠡᠯᠭᠡᠬᠦ ᠬᠦᠴᠦᠨ | ᠪᠣᠯᠤᠭᠰᠠᠨ ᠪᠠᠶᠢᠨ᠎ᠠ᠃ ᠭᠡᠷ ᠪᠠᠶᠢᠰᠢᠩ ᠪᠣᠯᠣᠨ ᠣᠷᠣᠨ ᠰᠠᠭᠤᠴᠠ ᠶᠢᠨ ᠲᠣᠭᠤᠷᠢᠭ ᠤᠨ ᠰᠢᠨᠡᠴᠢᠯᠡᠯᠲᠡ ᠶᠢᠨ | ᠲᠠᠯ᠎ᠠ ᠪᠠᠷ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠬᠤᠲᠠ ᠶᠢᠨ ᠳᠤᠮᠳᠠᠬᠢ ᠲᠣᠰᠬᠤᠨ ᠢ | ᠥᠭᠡᠷᠡᠴᠢᠯᠡᠬᠦ᠂ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠬᠦ ᠵᠡᠷᠭᠡ ᠦᠯᠡᠳᠡᠭᠡᠯ | ᠰᠢᠨᠡᠴᠢᠯᠡᠯᠲᠡ ᠶᠢᠨ ᠠᠵᠢᠯ ᠢ ᠲᠥᠷᠥᠯ ᠬᠤᠪᠢᠶᠠᠨ ᠵᠢᠯᠤᠭᠤᠳᠴᠤ᠂ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ | ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠳᠠᠯᠳᠠ ᠬᠦᠴᠦᠨ ᠢ ᠪᠦᠲᠦᠮᠵᠢᠲᠡᠶ ᠪᠠᠳᠠᠷᠠᠭᠤᠯᠤᠨ᠎ᠠ᠃ ᠲᠥᠪ | ᠬᠤᠲᠠ ᠶᠢᠨ ᠲᠣᠭᠤᠷᠢᠭ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢᠨ ᠲᠠᠯ᠎ᠠ ᠪᠠᠷ᠂ ᠨᠡᠮᠡᠭᠳᠡᠯ ᠤᠨ ᠬᠡᠮᠵᠢᠶ᠎ᠡ᠂ | ᠦᠯᠡᠳᠡᠭᠡᠯ ᠭᠠᠵᠠᠷ ᠰᠢᠷᠣᠢ ᠶᠢ ᠨᠡᠭᠡᠭᠡᠨ ᠠᠰᠢᠭᠯᠠᠬᠤ ᠳᠠᠯᠳᠠ ᠬᠦᠴᠦᠨ ᠢ ᠦᠨᠡᠯᠡᠨ ᠵᠢᠱᠢᠵᠦ᠂ ᠣᠷᠣᠨ | ᠰᠠᠭᠤᠴᠠ ᠶᠢᠨ ᠭᠠᠵᠠᠷ ᠰᠢᠷᠣᠢ ᠶᠢᠨ ᠬᠠᠩᠭᠠᠯᠭ᠎ᠠ ᠶᠢᠨ ᠠᠷᠭ᠎ᠠ ᠵᠠᠮ ᠢ ᠨᠢᠭᠡᠳᠦᠯᠲᠡᠢ ᠲᠥᠯᠥᠪᠵᠢᠭᠦᠯᠦᠨ᠎ᠡ᠃ ᠭᠡᠷ | ᠪᠠᠶᠢᠰᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠳᠦᠷᠢᠮ ᠤᠨ ᠲᠠᠯ᠎ᠠ ᠪᠠᠷ᠂ ᠵᠢᠷᠤᠭᠯᠠᠨ ᠲᠥᠯᠥᠪᠯᠡᠬᠦ᠂ ᠪᠦᠲᠦᠭᠡᠨ ᠪᠠᠶᠢᠭᠤᠯᠬᠤ᠂ ᠪᠠᠷᠢᠯᠭ᠎ᠠ ᠳᠠᠭᠤᠰᠬᠠᠬᠤ ᠠᠴᠠ | ᠠᠷᠠᠴᠢᠯᠠᠨ ᠬᠠᠮᠠᠭᠠᠯᠠᠵᠤ ᠬᠠᠮᠢᠶᠠᠷᠬᠤ ᠬᠦᠷᠲᠡᠯ᠎ᠡ᠂ ᠵᠣᠬᠢᠬᠤ ᠵᠢᠭᠠᠨ ᠵᠢᠯᠤᠭᠤᠳᠬᠤ ᠴᠢᠨᠠᠷᠲᠠᠢ ᠠᠭᠤᠯᠭ᠎ᠠ ᠶᠢ | ᠳᠤᠷᠠᠳᠤᠨ ᠭᠠᠷᠭᠠᠪᠠ᠃ ᠬᠤᠶᠠᠷ ᠲᠤ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠡᠷᠬᠢᠮᠯᠡᠬᠦ ᠶᠢ ᠲᠤᠪᠤᠶᠢᠯᠭᠠᠵᠦ᠂ | ᠰᠠᠶᠢᠨ ᠰᠠᠶᠢᠬᠠᠨ ᠠᠮᠢᠳᠤᠷᠠᠯ ᠤᠨ ᠣᠷᠣᠨ ᠰᠠᠭᠤᠴᠠ ᠶᠢᠨ ᠦᠯᠢᠭᠡᠷ ᠳᠠᠭᠤᠷᠢᠶᠠᠯ ᠢ ᠪᠤᠢ ᠪᠣᠯᠭᠠᠨ᠎ᠠ᠃ ᠮᠠᠨ ᠤ | ᠤᠯᠤᠰ ᠤᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠡᠷᠡᠭᠴᠡᠭᠡ ︽ᠪᠠᠶᠢᠬᠤ ᠡᠰᠡᠬᠦ︾ ᠪᠠᠶᠢᠭᠰᠠᠨ ᠠᠴᠠ ᠪᠠᠨ | ︽ᠰᠠᠶᠢᠨ ᠡᠰᠡᠬᠦ︾ ᠳᠠᠰᠢ ᠰᠢᠯᠵᠢᠬᠦ ᠶᠢ ᠳᠠᠭᠠᠯᠳᠤᠨ᠂ ︽ ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠨᠢ | ᠠᠷᠠᠳ ᠣᠯᠠᠨ ᠤ ᠥᠨᠳᠥᠷ ᠶᠠᠰᠤ ᠴᠢᠨᠠᠷ ᠲᠠᠢ ᠣᠷᠣᠨ ᠰᠠᠭᠤᠴᠠ ᠶᠢᠨ ᠬᠡᠷᠡᠭᠴᠡᠭᠡ ᠳᠤ ᠵᠣᠬᠢᠴᠠᠬᠤ᠂ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠦᠨᠡᠨ ᠬᠦ ᠨᠡᠮᠡᠭᠳᠡᠭᠦᠯᠬᠦ ᠵᠠᠩᠭᠢᠯᠠᠭ᠎ᠠ ᠶᠢᠨ | ᠠᠷᠭ᠎ᠠ ᠬᠡᠮᠵᠢᠶ᠎ᠡ ᠪᠣᠯᠤᠭᠰᠠᠨ ᠪᠠᠶᠢᠨ᠎ᠠ᠃ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠪᠥᠬᠦ | ᠦᠶᠡᠯᠡᠯ ᠤᠨ ᠬᠤᠭᠤᠴᠠᠭ᠎ᠠ᠂ ᠪᠥᠬᠦ ᠶᠠᠪᠤᠴᠠ᠂ ᠪᠥᠬᠦ ᠬᠡᠯᠬᠢᠶ᠎ᠡ ᠠᠴᠠ ᠪᠣᠳᠣᠯᠬᠢᠯᠠᠨ᠂ ᠠᠮᠤᠷ ᠲᠦᠪᠰᠢᠨ᠂ ᠲᠠᠭᠠᠯᠠᠮᠵᠢᠲᠠᠢ᠂ | ᠪᠣᠬᠢᠷᠲᠤᠯ ᠦᠭᠡᠢ᠂ ᠣᠶᠤᠨᠴᠢ ᠵᠡᠷᠭᠡ ᠳᠥᠷᠪᠡᠨ ᠶᠡᠭᠡ ᠲᠠᠯ᠎ᠠ ᠠᠴᠠ ᠰᠢᠰᠲ᠋ᠧᠮ ᠲᠠᠢ ᠲᠦᠯᠬᠢᠨ ᠠᠬᠢᠭᠤᠯᠬᠤ ᠬᠡᠷᠡᠭᠲᠡᠢ᠃ | ᠬᠤᠳᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠵᠠᠯᠠᠭᠤᠴᠤᠳ ᠪᠠ ᠰᠢᠨ᠎ᠡ ᠬᠤᠳᠠ ᠶᠢᠨ | ᠠᠷᠠᠳ᠂ ᠬᠡᠦᠬᠡᠳ ᠬᠥᠮᠥᠵᠢᠭᠦᠯᠬᠦ᠂ ᠨᠠᠰᠤᠲᠠᠶᠢᠴᠤᠳ ᠵᠡᠷᠭᠡ ᠠᠳᠠᠯᠢ ᠪᠤᠰᠤ ᠵᠦᠷᠢᠶᠡᠴᠢᠯᠡᠭᠰᠡᠨ ᠬᠠᠮᠲᠤᠯᠢᠭ ᠤᠨ | ︽ᠰᠠᠶᠢᠨ ᠭᠡᠷ ᠪᠠᠶᠢᠰᠢᠩ︾ ᠤᠨ ᠬᠡᠷᠡᠭᠴᠡᠭᠡ ᠪᠠ ᠢᠵᠢ ᠳᠡᠮᠵᠢᠯᠭᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠬᠠᠨᠳᠤᠯᠭᠠᠲᠤ ᠴᠢᠨᠠᠷ ᠲᠠᠢ ᠪᠠᠷ ᠰᠤᠳᠤᠯᠬᠤ ᠬᠡᠷᠡᠭᠲᠡᠢ᠃ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ | ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠵᠠᠰᠠᠯᠲᠠ ᠪᠣᠯᠣᠨ ᠠᠳᠠᠯ ᠠᠬᠤᠢ ᠶᠢᠨ ᠦᠢᠯᠡᠴᠢᠯᠡᠭᠡ ᠵᠡᠷᠭᠡ ᠠᠭᠤᠯᠭ᠎ᠠ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠰᠠᠶᠢᠨ ᠭᠡᠷ ᠪᠠᠶᠢᠰᠢᠩ᠂ ᠰᠠᠶᠢᠨ ᠰᠠᠭᠤᠭᠠᠯᠢ ᠠᠷᠠᠳ ᠤᠨ | ᠲᠣᠭᠤᠷᠢᠭ᠂ ᠰᠠᠶᠢᠨ ᠨᠡᠶᠢᠭᠡᠮ ᠲᠣᠭᠤᠷᠢᠭ᠂ ᠰᠠᠶᠢᠨ ᠬᠤᠳᠠ ᠶᠢᠨ ᠲᠣᠭᠤᠷᠢᠭ︾ ᠤᠨ ᠬᠤᠯᠪᠤᠭᠠᠯᠠᠨ ᠬᠥᠳᠡᠯᠦᠯᠴᠡᠬᠦ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠬᠡᠷᠡᠭᠲᠡᠢ᠃ | | | ︽ᠵᠢᠯᠣᠭᠤᠳᠤᠮᠵᠢ︾ ᠢ ᠨᠡᠶᠢᠲᠡᠯᠡᠭᠰᠡᠨ ᠨᠢ᠂ ᠣᠷᠣᠨ ᠨᠤᠲᠤᠭ ᠤᠨ ᠣᠷᠣᠨ ᠰᠠᠭᠤᠴᠠ ᠶᠢᠨ ᠬᠥᠭᠵᠢᠯᠲᠡ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠰᠢᠰᠲ᠋ᠧᠮᠲᠦ ᠴᠢᠨᠠᠷ᠂ ᠠᠷᠭ᠎ᠠ ᠶᠢᠨ ᠴᠢᠨᠠᠷ᠂ ᠳᠦᠷᠢᠮᠵᠢᠯᠲᠦ | ᠴᠢᠨᠠᠷ ᠲᠤ ᠪᠠᠷᠢᠮᠵᠢᠶ᠎ᠠ ᠵᠢᠯᠣᠭᠤᠳᠤᠮᠵᠢ ᠬᠠᠩᠭᠠᠵᠠᠢ᠂ ︽ᠵᠢᠯᠣᠭᠤᠳᠤᠮᠵᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠡᠯ᠎ᠡ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠤᠭᠤᠳᠴᠤ᠂ ᠣᠷᠣᠨ ᠰᠠᠭᠤᠴᠠ ᠶᠢᠨ ᠬᠥᠭᠵᠢᠯᠲᠡ ᠶᠢᠨ ᠶᠡᠷᠦᠩᠬᠡᠢ | ᠬᠠᠷᠠᠯᠲᠠ ᠶᠢᠨ ᠲᠣᠭᠤᠷᠢᠨ ᠳᠤ᠂ ᠣᠷᠣᠨ ᠰᠠᠭᠤᠴᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ | ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ | ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠣᠯᠣᠨ᠎ᠠ᠃ | | | | | | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |