| | | | | | ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠱᠦ ᠭᠤᠸᠠᠩ ᠲᠣᠰᠬᠤᠨ ᠨᠠᠮ ᠤᠨ ᠪᠠᠶᠢᠭᠤᠯᠤᠯᠲᠠ ᠪᠠᠷ | ᠬᠥᠳᠡᠯᠭᠡᠭᠦᠷ ᠪᠣᠯᠭᠠᠵᠤ᠂ ᠠᠵᠤ ᠦᠢᠯᠡᠰ ᠬᠥᠭᠵᠢᠭᠰᠡᠨ᠂ ᠬᠥᠳᠡᠭᠡ ᠲᠣᠰᠬᠤᠨ ᠤ ᠰᠤᠷᠲᠠᠯ ᠰᠠᠶᠢᠬᠠᠨ᠂ ᠠᠷᠠᠳ ᠢᠷᠭᠡᠳ | ᠪᠠᠶᠠᠨ ᠴᠢᠨᠡᠭᠡᠯᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠵᠢᠷᠤᠭᠯᠠᠵᠤ ᠪᠠᠶᠢᠨ᠎ᠠ᠃ | ᠲᠣᠰᠬᠤᠨ ᠤ ᠨᠠᠮ ᠤᠨ ᠡᠭᠦᠷ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠪᠣᠯᠪᠠᠰᠤᠨ ᠤ ᠬᠥᠮᠦᠵᠢᠯ᠂ ᠠᠵᠤ | ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠪᠦᠬᠦ ᠤᠯᠤᠰ ᠤᠨ ᠪᠣᠯᠪᠠᠰᠤᠨ | ᠲᠣᠰᠬᠤᠨ︾᠂ ︽ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ︾ | ᠵᠡᠷᠭᠡ ᠢᠷᠠᠭᠤ ᠠᠯᠳᠠᠷ ᠢ ᠠᠮᠵᠢᠯᠲᠠ ᠲᠠᠢ ᠤᠯᠵᠠᠢ ᠃ | | | | | ᠨᠢᠭᠡ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ ᠠᠷᠠᠳ ᠤᠨ ᠲᠥᠯᠥᠭᠡ ᠦᠢᠯᠡᠴᠢᠯᠡᠬᠦ | ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ | | ᠱᠦ ᠭᠤᠸᠠᠩ ᠲᠣᠰᠬᠤᠨ ︽ᠲᠥᠪᠯᠡᠷᠡᠭᠦᠯᠦᠨ ᠰᠤᠷᠤᠯᠴᠠᠬᠤ᠂ ᠳᠠᠭᠠᠭᠤᠯᠤᠨ ᠰᠤᠷᠤᠯᠴᠠᠵᠤ ᠰᠤᠳᠤᠯᠤᠨ | ᠰᠤᠷᠤᠯᠴᠠᠬᠤ᠂ ᠰᠤᠷᠪᠤᠯᠵᠢᠯᠠᠨ ᠰᠤᠷᠤᠯᠴᠠᠵᠤ ᠦᠢᠯᠡᠳᠦᠯᠭᠡᠵᠢᠭᠦᠯᠬᠦ︾ ᠭᠤᠷᠪᠠᠨ ᠰᠤᠷᠤᠯᠴᠠᠯᠭ᠎ᠠ ᠬᠤᠯᠪᠤᠭᠠᠯᠠᠨ | ᠬᠥᠳᠡᠯᠦᠯᠴᠡᠬᠦ ᠪᠠᠷ ᠳᠠᠮᠵᠢᠭᠤᠯᠤᠨ᠂ ︽ᠣᠶᠢᠯᠠᠭᠠᠬᠤ ᠮᠠᠶ᠋ᠢᠭ︾ ᠤᠨ ᠨᠠᠮ ᠤᠨ ᠬᠢᠴᠢᠶᠡᠯ ᠢ ᠪᠠᠶᠢᠩᠭᠤᠵᠢᠭᠤᠯᠤᠨ | ᠥᠷᠨᠢᠭᠦᠯᠵᠦ᠂ ᠨᠠᠮ ᠤᠨ ᠣᠨᠣᠯ ᠢ ᠡᠳᠦᠷ ᠲᠤᠲᠤᠮ ᠤᠨ ᠠᠵᠢᠯ ᠲᠠᠢ ᠠᠭᠤᠰᠤᠯᠴᠠᠭᠤᠯᠪᠠ︔ 6 ᠬᠥᠮᠥᠨ ᠤ ᠨᠠᠮ ᠤᠨ | ᠭᠡᠰᠢᠭᠦᠨ ᠨᠤᠲᠤᠭ ᠤᠨ ᠮᠡᠷᠭᠡᠳ ᠠᠷᠠᠳ ᠤᠨ ᠪᠠᠶᠢᠴᠠᠭᠠᠯᠲᠠ ᠶᠢᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠤᠯᠠᠨ | ᠲᠦᠮᠡᠨ ᠤ ᠬᠦᠴᠢᠷ ᠠᠰᠠᠭᠤᠳᠠᠯ ᠢ ᠨᠡᠶᠢᠳᠡ 47 ᠬᠤᠪᠢ ᠰᠢᠢᠳᠪᠦᠷᠢᠯᠡᠵᠦ᠂ 21 ᠵᠦᠢᠯ ᠤᠨ ᠵᠥᠷᠢᠴᠡᠯ | ᠵᠢᠭᠤᠷᠠᠯᠳᠤᠭᠠᠨ ᠢ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ 96% ᠳᠤ ᠬᠦᠷᠴᠦ᠂ | ᠦᠢᠯᠡᠴᠢᠯᠡᠭᠡ ᠶᠢ ᠡᠷᠦᠬᠡ ᠪᠦᠷᠢ ᠳᠤ ᠬᠦᠷᠲᠡᠯ᠎ᠡ ᠥᠷᠭᠡᠳᠬᠡᠪᠡ︔ ᠠᠷᠢᠭᠤᠨ ᠴᠢᠬᠡᠴᠢ ᠪᠠᠷ ᠵᠠᠰᠠᠭ ᠪᠠᠷᠢᠬᠤ 14 | ᠠᠶᠤᠯ ᠲᠦᠭᠰᠢᠭᠦᠷᠢ ᠶᠢᠨ ᠴᠡᠭ ᠢ ᠡᠮᠬᠢᠯᠡᠵᠦ᠂ 25 ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ | ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠵᠦ᠂ ᠤᠯᠠᠨ ᠲᠦᠮᠡᠨ ᠤ ᠢᠲᠡᠭᠡᠮᠵᠢᠲᠡᠢ ︽ᠠᠷᠢᠭᠤᠨ ᠴᠢᠬᠡᠴᠢ ᠡᠭᠦᠷ︾ ᠢ ᠪᠠᠶᠢᠭᠤᠯᠬᠤ ᠶᠢᠨ | ᠲᠥᠯᠥᠭᠡ ᠶᠤᠮ᠃ | | | | ᠬᠤᠶᠠᠷ᠂ ᠬᠤᠪᠢ ᠬᠤᠷᠠᠮᠳᠤᠭᠤᠯᠬᠤ ᠨᠢ ᠰᠢᠨ᠎ᠡ ᠬᠡᠪ ᠰᠤᠷᠲᠠᠯ ᠢ ᠪᠤᠢ ᠪᠣᠯᠭᠠᠵᠤ ᠪᠣᠯᠪᠠᠰᠤᠨ ᠤ ᠦᠢᠯᠡᠳᠦᠯᠭᠡ | ᠠᠷᠠᠳ ᠤᠨ ᠰᠡᠳᠬᠢᠯ ᠢ ᠤᠮᠳᠠᠯᠠᠨ᠎ᠠ | | ︽ᠪᠥᠬᠦ ᠤᠯᠤᠰ ᠤᠨ ᠪᠣᠯᠪᠠᠰᠤᠨ ᠲᠣᠰᠬᠤᠨ︾ ᠢᠶᠠᠷ ᠡᠬᠢᠯᠡᠯᠲᠡ ᠪᠣᠯᠭᠠᠵᠤ᠂ ᠱᠦ ᠭᠤᠸᠠᠩ ᠲᠣᠰᠬᠤᠨ ᠤ | ︽ᠡᠳᠦᠷ ᠤᠨ ᠬᠤᠪᠢ ᠬᠤᠷᠠᠮᠳᠤᠭᠤᠯᠬᠤ᠂ ᠰᠠᠷ᠎ᠠ ᠶᠢᠨ ᠵᠠᠷᠯᠠᠨ ᠨᠡᠶᠢᠲᠡᠯᠡᠬᠦ᠂ ᠵᠢᠯ ᠤᠨ ᠳ᠋ᠦᠩᠨᠡᠯᠲᠡ ᠬᠢᠬᠦ︾ | ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠲᠣᠰᠬᠤᠨ ᠤ ᠠᠷᠠᠳ ᠰᠠᠶᠢᠨ ᠳᠤᠷ᠎ᠠ ᠶᠢᠨ | ᠦᠢᠯᠡᠴᠢᠯᠡᠭᠡ᠂ ᠬᠤᠷᠠᠯ ᠳᠤ ᠣᠷᠣᠯᠴᠠᠭᠰᠠᠨ ᠢᠯᠡᠷᠡᠯ ᠵᠡᠷᠭᠡ ᠬᠤᠪᠢ ᠬᠤᠷᠠᠮᠳᠤᠭᠤᠯᠤᠯ ᠢᠶᠠᠷ ᠢᠶᠠᠨ ︽ᠬᠤᠪᠢ | ᠬᠤᠷᠠᠮᠳᠤᠭᠤᠯᠬᠤ ᠴᠢᠯᠦᠭᠡᠲᠦ ᠳᠡᠯᠭᠡᠭᠦᠷ︾ ᠲᠤ ᠠᠮᠢᠳᠤᠷᠠᠯ ᠤᠨ ᠬᠡᠷᠡᠭᠰᠡᠯ ᠢᠶᠠᠨ ᠰᠣᠯᠢᠵᠤ᠂ ᠪᠥᠬᠦ ᠠᠷᠠᠳ ᠤᠨ | ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠨ᠎ᠡ᠃ ︽ᠳᠥᠷᠪᠡᠨ ᠬᠤᠷᠠᠯ︾ ᠤᠨ ᠥᠪᠡᠷᠲᠡᠭᠡᠨ ᠵᠠᠰᠠᠬᠤ ᠵᠣᠬᠢᠶᠠᠨ | ᠪᠠᠶᠢᠭᠤᠯᠤᠯᠲᠠ ᠳᠤ ᠲᠦᠰᠢᠭᠯᠡᠨ᠂ ᠨᠡᠶᠢᠲᠡ 23 ᠵᠢᠭᠤᠷᠠᠯᠳᠤᠭᠠᠨ ᠢ ᠡᠶᠡᠳᠡᠭᠦᠯᠵᠦ᠂ 96% ᠠᠮᠵᠢᠯᠲᠠ ᠣᠯᠵᠤ᠂ ᠵᠢᠯ | ᠪᠦᠷᠢ ︽ᠠᠷᠪᠠᠨ ᠣᠳᠣᠨ ᠲᠠᠰ ᠤᠨ ᠪᠣᠯᠪᠠᠰᠤᠨ ᠡᠷᠦᠬᠡ︾᠂ ︽ᠲᠠᠪᠤᠨ ᠰᠠᠶᠢᠨᠲᠠᠢ ᠭᠡᠷ ᠪᠦᠯᠢ︾ ᠵᠡᠷᠭᠡ ᠵᠢᠱᠢᠶ᠎ᠡ | ᠦᠵᠡᠭᠦᠯᠬᠦ 30 ᠭᠠᠷᠤᠢ ᠡᠷᠦᠬᠡ ᠶᠢ ᠰᠢᠯᠭᠠᠷᠠᠭᠤᠯᠵᠤ᠂ ᠴᠠᠶᠢᠯᠭᠠᠨ ᠰᠠᠯᠬᠢᠨ ᠤ ᠴᠢᠭᠯᠡᠯ ᠢ ᠪᠣᠶ ᠪᠣᠯᠭᠠᠪᠠ᠃ ᠰᠢᠨ᠎ᠡ | ᠵᠠᠭᠤᠴᠢᠯᠠᠭᠤᠷ ᠤᠨ ᠲᠦᠷᠭᠡᠨ ᠲᠡᠷᠭᠡᠨ ᠳᠤ ᠰᠠᠭᠤᠵᠤ᠂ ︽ᠲᠡᠷᠡ ᠵᠢᠯ ᠤᠨ ᠥᠨᠥᠳᠥᠷ︾ ᠤᠨ ᠴᠤᠤᠷᠢᠶ᠎ᠠ ᠶᠢᠨ ᠲᠠᠩᠰᠠᠨ | ᠨᠣᠮᠧᠷ ᠢ ᠨᠡᠭᠡᠭᠡᠵᠦ᠂ ᠶᠡᠷᠡᠭᠡᠳ ᠣᠨ ᠤ ᠬᠥᠳᠡᠭᠡ ᠲᠣᠰᠬᠤᠨ ᠤ ᠠᠮᠢᠳᠤᠷᠠᠯ ᠢᠶᠠᠷ ᠠᠬᠤᠢ ᠪᠠᠶᠢᠳᠠᠯ ᠪᠣᠯᠭᠠᠨ ᠢᠳᠡᠪᠬᠢ | ᠬᠦᠴᠦᠨ ᠤ ᠣᠬᠤᠷ ᠸᠢᠳᠢᠤ᠋ ᠶᠢ ᠵᠣᠬᠢᠶᠠᠨ ᠪᠦᠲᠦᠭᠡᠵᠦ᠂ ᠡᠳᠦᠷ ᠤᠨ ᠨᠡᠪᠲᠡᠷᠡᠭᠦᠯᠭᠡ 40 ᠲᠦᠮᠡ ᠬᠦᠷᠴᠦ᠂ ᠨᠡᠶᠢᠲᠡ | 1 ᠳ᠋ᠦᠩᠰᠢᠭᠤᠷ ᠤᠳᠠᠭ᠎ᠠ ᠬᠦᠷᠪᠡ ᠃ | | | | | ᠭᠤᠷᠪᠠ᠂ ᠴᠢᠳᠠᠪᠤᠷᠢᠲᠠᠨ ᠢᠶᠠᠷ ᠠᠵᠤ ᠦᠢᠯᠡᠰ ᠢ ᠬᠥᠭᠵᠢᠭᠦᠯᠵᠦ᠂ ᠬᠠᠮᠲᠤ ᠶᠢᠨ ᠠᠵᠤ ᠠᠬᠤᠢ ᠶᠢ | ᠬᠦᠭᠵᠢᠭᠦᠯᠬᠦ ᠰᠢᠨ᠎ᠡ ᠲᠡᠮᠳᠡᠭᠯᠡᠯ ᠢ ᠡᠭᠦᠳᠪᠡ | | ︽ᠴᠢᠳᠠᠪᠤᠷᠢᠲᠠᠨ ᠢᠶᠠᠷ ᠲᠣᠰᠬᠤᠨ ᠢ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠲᠠᠢ ᠨᠢᠭᠲᠠ ᠤᠶᠠᠯᠳᠤᠭᠤᠯᠤᠨ | ᠱᠦ ᠭᠤᠸᠠᠩ ᠲᠣᠰᠬᠤᠨ ᠭᠤᠷᠪᠠᠨ ᠠᠷᠭ᠎ᠠ ᠬᠡᠮᠵᠢᠶ᠎ᠡ ᠠᠪᠴᠤ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠪᠡ᠃ | 895.68 ᠮᠦ ᠰᠤᠯᠠ ᠪᠠᠶᠢᠭ᠎ᠠ ᠭᠠᠵᠠᠷ ᠰᠢᠷᠣᠢ ᠶᠢ ᠠᠮᠢᠯᠠᠭᠤᠯᠵᠤ᠂ ᠮᠧᠩ ᠼᠤᠤ ᠡᠪᠡᠰᠦᠨ ᠤ ᠡᠭᠦᠯᠳᠡᠷ ᠢ | ᠦᠷᠡᠵᠢᠭᠦᠯᠦᠨ ᠪᠣᠶᠢᠵᠢᠭᠤᠯᠬᠤ ᠪᠦᠯᠬᠦᠮ ᠢ ᠣᠷᠣᠭᠤᠯᠤᠨ ᠠᠪᠴᠢᠷᠠᠵᠤ ᠰᠢᠨᠵᠢᠯᠡᠬᠦ ᠤᠬᠠᠭᠠᠨ ᠤ ᠰᠤᠳᠤᠯᠭᠠᠨ ᠤ | ᠦᠷ᠎ᠡ ᠪᠤᠶᠢᠵᠢᠭᠤᠯᠪᠠ︔ ᠲᠣᠰᠬᠤᠨ ᠤ ᠠᠵᠤ ᠠᠬᠤᠶᠢᠯᠠᠯ ᠬᠤᠯᠪᠤᠭᠠᠯᠠᠨ ᠪᠠᠶᠢᠭᠤᠯᠵᠤ ᠨᠢᠩᠰᠢᠶᠠ ᠶᠢᠨ ᠴᠢᠬᠢ | ᠪᠣᠶᠢᠵᠢᠭᠤᠯᠬᠤ ᠲᠤᠰᠬᠠᠢ ᠮᠡᠷᠭᠡᠵᠢᠯᠲᠡᠨ ᠢ ᠣᠷᠣᠭᠤᠯᠤᠨ ᠠᠪᠴᠢᠷᠠᠵᠤ᠂ 20 ᠭᠠᠷᠤᠢ ᠬᠦᠯᠡᠮᠵᠢᠨ ᠬᠦᠯᠡᠮᠵᠢ ᠶᠢ | ᠪᠠᠶᠢᠭᠤᠯᠵᠤ᠂ ᠦᠷ᠎ᠡ ᠴᠢᠬᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠵᠠᠭᠤᠨ ᠲᠦᠮᠡᠨ ᠰᠠᠭᠤᠷᠢ ᠠᠴᠠ 5000 | ᠲᠦᠮᠡᠨ ᠰᠠᠭᠤᠷᠢᠨ ᠳᠤ ᠬᠦᠷᠭᠡᠵᠦ᠂ ᠲᠣᠰᠬᠤᠨ ᠤ ᠠᠷᠠᠳ ᠤᠨ ᠵᠢᠯ ᠤᠨ ᠣᠷᠣᠯᠭ᠎ᠠ 2250 ᠲᠦᠮᠡᠨ ᠲᠥᠭᠦᠷᠢᠭ᠂ | ᠲᠣᠰᠬᠤᠨ ᠤ ᠬᠠᠮᠲᠤ ᠶᠢᠨ ᠵᠢᠯ ᠤᠨ ᠣᠷᠣᠯᠭ᠎ᠠ ᠶᠢ 20 ᠲᠦᠮᠡᠨ ᠲᠥᠭᠦᠷᠢᠭ ᠨᠡᠮᠡᠭᠳᠡᠭᠦᠯᠪᠡ︔ ᠰᠢᠭᠤᠳ | ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ ᠤ ᠰᠠᠯᠬᠢᠨ ᠤ ᠠᠮᠠᠰᠠᠷ ᠢ ᠵᠠᠪᠳᠤᠨ ᠠᠳᠬᠤᠵᠤ᠂ 2 ᠴᠠᠬᠢᠮ | ᠬᠤᠳᠠᠯᠳᠤᠭᠠᠨ ᠤ ᠴᠢᠳᠠᠪᠤᠷᠢᠲᠠᠨ ᠢ ᠪᠤᠴᠠᠭᠠᠨ ᠠᠪᠴᠢᠷᠠᠵᠤ᠂ 5000 ᠲᠡᠭᠰᠢ ᠳᠥᠷᠪᠡᠯᠵᠢᠨ ᠮᠧᠲᠷ ᠤᠨ | ᠬᠥᠮᠥᠷᠭᠡ ᠶᠢᠨ ᠰᠠᠭᠤᠷᠢᠨ ᠭᠠᠵᠠᠷ ᠢ ᠪᠠᠶᠢᠭᠤᠯᠵᠤ᠂ 50 ᠭᠠᠷᠤᠢ ᠲᠣᠰᠬᠤᠨ ᠤ ᠠᠷᠠᠳ ︽ᠭᠡᠷ ᠤᠨ ᠡᠭᠦᠳᠡᠨ ᠳᠤ | ᠠᠵᠢᠯ ᠣᠯᠭᠤᠬᠤ︾ ᠶᠢ ᠪᠡᠶᠡᠯᠡᠭᠦᠯᠵᠦ᠂ ︽ᠰᠢᠭᠤᠳ ᠨᠡᠪᠲᠡᠷᠡᠭᠦᠯᠬᠦ ᠪᠣᠭᠤᠳᠠᠯ ᠪᠠᠭᠯᠠᠭ᠎ᠠ ᠶᠢᠨ ᠪᠠᠷᠠᠭᠠᠨ ᠤ ᠭᠦᠢᠯᠭᠡᠭᠡ︾ | ᠶᠢᠨ ᠪᠦᠬᠦ ᠬᠡᠯᠬᠢᠶ᠎ᠡ ᠶᠢᠨ ᠠᠵᠤ ᠠᠬᠤᠢ ᠶᠢ ᠪᠠᠶᠢᠭᠤᠯᠪᠠ᠃ | | ᠵᠣᠬᠢᠶᠠᠨ ᠪᠠᠶᠢᠭᠤᠯᠤᠯᠲᠠ ᠬᠦᠴᠦᠷᠬᠡᠭᠵᠢᠬᠦ ᠠᠴᠠ ᠠᠵᠤ ᠦᠢᠯᠡᠰ ᠬᠥᠭᠵᠢᠨ ᠮᠠᠨᠳᠤᠬᠤ ᠬᠦᠷᠲᠡᠯ᠎ᠡ᠂ ᠬᠥᠳᠡᠭᠡ | ᠲᠣᠰᠬᠤᠨ ᠤ ᠰᠤᠷᠲᠠᠯ ᠤᠯᠠᠮᠵᠢᠯᠠᠯ ᠠᠴᠠ ᠠᠷᠠᠳ ᠢᠷᠭᠡᠳ ᠪᠠᠶᠠᠨ ᠴᠢᠨᠡᠭᠡᠯᠢᠭ ᠪᠣᠯᠵᠤ᠂ ᠱᠦ ᠭᠤᠸᠠᠩ ᠲᠣᠰᠬᠤᠨ ᠤ | ᠬᠤᠪᠢᠷᠠᠯᠲᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ | ᠭᠡᠷᠡᠴᠢᠯᠡᠵᠦ ᠪᠠᠶᠢᠨ᠎ᠠ᠃ ᠥᠨᠥᠳᠥᠷ ᠤᠨ ᠱᠤ᠋ ᠭᠤᠸᠠᠩ ᠲᠣᠰᠬᠤᠨ ︽ᠬᠤᠪᠢᠰᠬᠠᠯ ᠤᠨ ᠬᠥᠳᠡᠯᠭᠡᠭᠦᠷ︾ ᠢᠶᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ︽ᠲᠦᠷᠭᠡᠨ ᠭᠦᠶᠦᠯᠭᠡᠬᠦ︾ ᠶᠢ ᠠᠬᠢᠭᠤᠯᠵᠤ᠂ ᠠᠷᠠᠳ ᠢ | ᠪᠠᠶᠠᠵᠢᠭᠤᠯᠤᠨ ᠲᠣᠰᠬᠤᠨ ᠢ ᠬᠦᠴᠦᠷᠬᠡᠭᠵᠢᠭᠦᠯᠬᠦ ᠭᠤᠶᠢᠳᠠ ᠰᠠᠶᠢᠬᠠᠨ ᠦᠯᠢᠭᠡᠷ ᠢ ᠦᠷᠭᠦᠯᠵᠢᠯᠡᠨ ᠪᠢᠴᠢᠵᠦ ᠪᠠᠶᠢᠨ᠎ᠠ᠃ | | | | | | ᠢᠷᠡᠯᠲᠡ ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |