ᠰᠠᠶᠢᠬᠠᠨ ᠲᠣᠭᠤᠷᠢᠭ ᠤᠨ 2000 ᠭᠠᠷᠦᠢ ᠺᠠᠲᠡᠷ ᠮᠤᠳᠦ ᠲᠠᠷᠢᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/4/22
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠺᠠᠳ᠋ᠷ ᠠᠵᠢᠯᠲᠠᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠳᠠᠬᠢ ᠵᠢᠰᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠬᠤ ᠶᠢᠨ ᠲᠥᠯᠥᠭᠡ᠂ 4 ᠰᠠᠷ᠎ᠠ ᠶᠢᠨ 18 ᠤ ᠡᠳᠦᠷ᠂ ᠰᠠᠶᠢᠬᠠᠨ ᠲᠣᠭᠤᠷᠢᠭ ᠪᠦᠬᠦ ᠲᠣᠭᠤᠷᠢᠭ ᠤᠨ 2000 ᠭᠠᠷᠤᠢ ᠺᠠᠳ᠋ᠷ ᠤᠯᠠᠨ ᠲᠦᠮᠡᠨ ᠢ ᠵᠣᠬᠢᠶᠠᠨ ᠪᠠᠶᠢᠭᠤᠯᠵᠤ ᠰᠠᠶᠢᠬᠠᠨ ᠲᠣᠭᠤᠷᠢᠭ ᠤᠨ ᠢᠦᠢ ᠯᠢᠨ ᠪᠠᠯᠭᠠᠰᠤᠨ ᠤ ᠡᠮᠦᠨ᠎ᠡ ᠨᠠᠢ ᠮᠥᠸᠧᠪᠠᠨ ᠲᠣᠰᠬᠤᠨ ᠳᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠣᠷᠣᠨ ᠪᠦᠰᠡ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠭᠡᠷᠡᠯ ᠭᠢᠯᠪᠠᠭ᠎ᠠ ᠨᠡᠮᠡᠷᠢᠯᠡᠪᠡ᠃
图片1.png
图片2.png
图片3.png
图片4.png
图片5.png
             ᠨᠢᠭᠡ ᠦᠳᠡ ᠶᠢᠨ ᠡᠮᠦᠨᠡᠬᠢ ᠬᠥᠳᠡᠯᠮᠦᠷᠢ ᠪᠠᠷ ᠳᠡᠮᠵᠢᠨ᠂ ᠵᠢᠭᠠᠷᠲᠤ ᠨᠠᠷᠠᠰᠤ ᠵᠡᠷᠭᠡ 6000  ᠭᠠᠷᠤᠢ ᠰᠠᠭᠤᠷᠢ ᠴᠢᠬᠢ ᠮᠣᠳᠣ ᠳᠠᠷᠢᠵᠤ᠂ ᠲᠡᠭᠦᠰ ᠠᠮᠵᠢᠯᠲᠠ ᠲᠠᠢ  ᠪᠡᠶᠡᠯᠡᠭᠦᠯᠵᠦ᠂ ᠬᠠᠪᠤᠷ ᠤᠨ ᠡᠬᠢᠨ ᠤ ᠰᠠᠶᠢᠬᠠᠨ ᠲᠣᠭᠤᠷᠢᠭ ᠲᠤ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃            ᠠᠯᠪᠠᠨ ᠵᠢᠷᠤᠮ ᠤᠨ ᠮᠣᠳᠣ ᠲᠠᠷᠢᠬᠤ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠬᠤ ᠪᠠᠷ ᠪᠠᠷᠠᠬᠤ ᠦᠭᠡᠢ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠣᠶᠢᠷ᠎ᠠ ᠶᠢᠨ ᠵᠢᠯ ᠠᠴᠠ᠂ ᠰᠠᠶᠢᠬᠠᠨ ᠲᠣᠭᠤᠷᠢᠭ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢ ᠢᠮᠠᠭᠲᠠ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠦᠷᠭᠦᠯᠵᠢᠯᠡᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠨᠣᠭᠤᠭᠠᠷᠠᠭᠤᠯᠤᠯᠲᠠ ᠶᠢᠨ ᠣᠷᠣᠨ ᠵᠠᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠮᠢ ᠠᠬᠤᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠬᠦ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠠᠮᠢ ᠠᠬᠤᠢ ᠶᠢᠨ ᠪᠣᠯᠪᠠᠰᠤᠨ ᠤ ᠤᠯᠠᠮᠵᠢᠯᠠᠭᠴᠢ᠂ ᠪᠣᠬᠢᠷᠲᠤᠯ ᠦᠭᠡᠢ ᠭᠡᠷ ᠣᠷᠣᠨ ᠤ ᠪᠦᠲᠦᠭᠡᠨ ᠪᠠᠶᠢᠭᠤᠯᠤᠭᠴᠢ ᠪᠣᠯᠭᠠᠬᠤ ᠪᠠᠷ ᠴᠢᠷᠮᠠᠶᠢᠵᠤ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠠᠮᠢ ᠠᠬᠤᠢ ᠶᠢᠨ ᠵᠢᠷᠤᠭ ᠢ ᠬᠠᠮᠲᠤᠪᠠᠷ ᠵᠢᠷᠤᠭᠯᠠᠵᠤ᠂ ᠦᠵᠡᠰᠬᠦᠯᠡᠩᠲᠦ ᠰᠠᠶᠢᠬᠠᠨ ᠲᠣᠭᠤᠷᠢᠭ ᠢᠶᠠᠨ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃              ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号