ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠰᠣᠶᠣᠯ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠵᠤ ᠪᠤᠢ
ᠨᠡᠶᠢᠲᠡᠯᠡᠭᠰᠡᠨ ᠴᠠᠭ᠄
2025/4/23
      ᠭᠦᠭᠡᠬᠤᠳᠠ ᠶᠢᠨ ᠮᠤᠨᠢ ᠠᠭᠤᠯᠠ ᠪᠣᠳᠠᠰ ᠤᠨ ᠪᠤᠰᠤ ᠰᠣᠶᠣᠯ  ᠤᠨ ᠥᠪ ᠤᠨ ᠵᠢᠵᠢᠭ ᠪᠠᠯᠭᠠᠰᠤ ᠰᠣᠶᠣᠯ ᠵᠢᠭᠤᠯᠴᠢᠯᠠᠯ ᠤᠨ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠴᠢᠮᠬᠠᠨ ᠭᠦᠭᠡᠬᠤᠳᠠ ᠳᠤ ᠵᠢᠭᠤᠯᠴᠢᠯᠠᠯ  ᠤᠨ ᠲᠠᠨᠢᠯᠴᠠᠭᠤᠯᠭ᠎ᠠ ᠶᠢᠨ ᠬᠤᠷᠠᠯ ᠬᠢᠵᠦ᠂ ᠲᠤᠬᠠᠢ ᠶᠢᠨ ᠲᠠᠯᠠᠪᠠᠶ ᠳᠤ 100 ᠭᠠᠷᠤᠢ ᠨᠢᠭᠡᠴᠢ ᠲᠠᠢ ᠬᠠᠮᠲᠤᠷᠠᠨ ᠠᠵᠢᠯᠯᠠᠬᠤ ᠭᠡᠷ᠎ᠡ ᠲᠣᠭᠲᠠᠵᠠᠢ᠃ ᠡᠨᠡ ᠪᠣᠯ ᠪᠦᠭᠦ ᠣᠷᠣᠨ ᠤ ᠠᠩᠬᠠᠳᠠᠭᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ  ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠪᠣᠯᠣᠨ᠎ᠠ᠃           ᠳᠠᠯᠠᠨ ᠬᠠᠷ᠎ᠠ ᠠᠭᠤᠯᠠ ᠶᠢᠨ ᠡᠮᠦᠨ᠎ᠡ ᠬᠤᠷᠮᠣᠢ ᠳᠤ ᠪᠠᠶᠢᠷᠢᠯᠠᠵᠤ ᠪᠠᠶᠢᠭ᠎ᠠ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ 7 ᠵᠢᠯ ᠤᠨ ᠬᠥᠭᠵᠢᠯᠲᠡ  ᠪᠠᠷ ᠳᠠᠮᠵᠢᠨ ᠪᠦᠭᠦ ᠤᠯᠤᠰ ᠤᠨ ᠠᠩᠬᠠᠳᠠᠭᠴᠢ ᠪᠣᠳᠠᠰ ᠤᠨ ᠪᠤᠰᠤ ᠰᠣᠶᠣᠯ ᠤᠨ ᠥᠪ ᠤᠨ ᠵᠠᠳᠠᠭᠠᠢ ᠮᠦᠽᠧᠢ ᠶᠢ ᠪᠠᠶᠢᠭᠤᠯᠤᠭᠰᠠᠨ ᠪᠥᠭᠡᠳ︽ᠡᠯᠢᠭᠡᠨ ᠨᠤᠲᠤᠭ ᠥᠪᠥᠷ ᠮᠣᠩᠭᠤᠯ︾ ᠭᠡᠬᠦ ᠲᠣᠮᠣ ᠭᠡᠯᠪᠡᠷᠢ ᠶᠢᠨ ᠪᠣᠳᠠᠲᠤ ᠦᠵᠡᠭᠳᠡᠯᠲᠦ ᠵᠦᠴᠦᠭᠡ ᠶᠢ ᠵᠣᠬᠢᠶᠠᠨ ᠪᠦᠲᠦᠭᠡᠪᠡ᠃ ᠲᠣᠰ ᠵᠦᠴᠦᠭᠡ ᠨᠢ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠰᠣᠳᠣᠨ ᠪᠦᠲᠦᠭᠡᠯ ᠢ ᠲᠡᠳᠬᠦᠨ ᠳᠡᠮᠵᠢᠬᠦ ᠲᠥᠷᠥᠯ ᠵᠦᠢᠯ ᠳᠤ ᠰᠣᠩᠭᠤᠭᠳᠠᠨ ᠣᠷᠣᠵᠤ᠂ 100 ᠭᠠᠷᠤᠢ ᠲᠠᠯᠠᠪᠠᠶ ᠲᠣᠭᠯᠠᠨ᠂ ᠲᠠᠯ᠎ᠠ ᠨᠤᠲᠤᠭ ᠤᠨ ᠰᠣᠶᠣᠯ ᠤᠨ ᠣᠭᠢ ᠰᠣᠳᠣ ᠶᠢ ᠳᠡᠯᠭᠡᠨ ᠦᠵᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ  ᠢ ᠣᠯᠵᠠᠢ᠃ ᠤᠳᠤ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠨᠢ ᠭᠦᠭᠡᠬᠤᠳᠠ ᠶᠢᠨ ︽ᠨᠢᠭᠡ ᠬᠤᠩᠭᠢᠯ᠂ ᠬᠤᠶᠠᠷ ᠲᠡᠩᠭᠡᠯᠢᠭ᠂ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤᠮᠠᠷᠠᠲᠤ ᠬᠢᠯᠢ ᠶᠢᠨ ᠰᠣᠶᠣᠯ ᠤᠨ ᠭᠠᠶᠢᠬᠠᠮᠰᠢᠭ ᠢ ᠢᠯᠡᠷᠡᠭᠦᠯᠬᠦ ᠣᠨᠴᠠᠯᠢᠭᠲᠤ ᠰᠣᠶᠣᠯ ᠵᠢᠭᠤᠯᠴᠢᠯᠠᠯ ᠤᠨ ᠪᠡᠯᠭᠡ ᠲᠡᠮᠳᠡᠭ ᠪᠣᠯᠤᠭᠰᠠᠨ ᠪᠠᠶᠢᠨ᠎ᠠ᠃            ᠣᠶᠢᠷ᠎ᠠ ᠶᠢᠨ ᠵᠢᠯ ᠳᠤ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ  ᠰᠣᠶᠣᠯ ᠵᠢᠭᠤᠯᠴᠢᠯᠠᠯ  ᠤᠨ ᠠᠭᠤᠰᠤᠯᠴᠠᠯ ᠢ ᠲᠠᠰᠤᠷᠠᠯᠳᠠ ᠦᠭᠡᠢ ᠠᠬᠢᠭᠤᠯᠤᠨ᠂ ᠭᠦᠭᠡᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ  ᠤᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠣᠣᠷ᠎ᠠ ᠰᠣᠶᠣᠯ ᠤᠨ ᠠᠭᠤᠯᠭ᠎ᠠ ᠶᠢ  ᠴᠢᠨᠠᠷᠵᠢᠭᠤᠯᠬᠤ  ᠪᠠ  ᠦᠢᠯᠡᠴᠢᠯᠡᠭᠡ ᠶᠢ ᠲᠠᠰ ᠳᠡᠪᠰᠢᠭᠦᠯᠬᠦ ᠪᠠᠷ ᠴᠥᠬᠦᠷᠡᠰᠢ ᠦᠭᠡᠢ ᠴᠢᠷᠮᠠᠶᠢᠵᠤ᠂ ︽ᠵᠢᠭᠤᠯᠴᠢᠯᠠᠯ + ᠰᠤᠳᠤᠯᠤᠨ ᠰᠤᠷᠤᠯᠴᠠᠬᠤ ︾ ᠪᠡᠶᠡᠴᠢ ᠣᠶᠢᠯᠠᠭᠠᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ᠂ ᠰᠣᠶᠣᠯ ᠤᠨ ᠨᠢᠭᠤᠴᠠ ᠶᠢ ᠬᠠᠶᠢᠬᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠣᠨᠴᠠᠯᠢᠭᠲᠤ ᠠᠭᠤᠯᠭ᠎ᠠ ᠶᠢ ᠰᠢᠰᠲ᠋ᠧᠮ ᠲᠠᠢ ᠡᠮᠬᠢᠯᠡᠨ ᠨᠡᠶᠢᠳᠬᠡᠵᠦ᠂ ᠣᠷᠣᠨ ᠨᠤᠲᠤᠭ ᠤᠨ ᠣᠨᠴᠠᠯᠢᠭ ᠢ ᠪᠠᠷᠢᠮᠲᠠᠯᠠᠨ᠂ ᠤᠯᠠᠮᠵᠢᠯᠠᠯᠲᠤ ᠰᠣᠶᠣᠯ ᠢ ᠭᠦᠨᠵᠡᠭᠡᠢ ᠠᠭᠤᠳᠠᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠳᠡᠯᠭᠡᠨ ᠦᠵᠡᠭᠦᠯᠵᠦ᠂ ᠠᠯᠬᠤᠮ ᠠᠯᠬᠤᠮ ᠢᠶᠠᠷ ᠭᠡᠯᠪᠡᠷᠢ  ᠪᠠᠨ ᠬᠤᠪᠢᠷᠠᠭᠤᠯᠤᠭᠰᠠᠨ ᠠᠴᠠ ᠨᠢᠭᠡᠨᠲᠡ ᠰᠣᠶᠣᠯ ᠵᠢᠭᠤᠯᠴᠢᠯᠠᠯ ᠤᠨ ᠨᠡᠷᠡᠳᠦ ᠦᠵᠡᠮᠵᠢ ᠶᠢᠨ ᠣᠷᠣᠨ ᠪᠣᠯᠵᠠᠢ᠃     
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号