| | | | ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ | | | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ | ᠪᠠᠶᠢᠰᠢᠩ ᠢ ᠰᠢᠨᠡᠳᠬᠡᠨ ᠵᠠᠰᠠᠬᠤ ᠨᠥᠬᠦᠪᠦᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ | ᠭᠡᠵᠦ ᠲᠣᠪᠴᠢᠯᠠᠨ᠎ᠠ︶ ᠶᠢ ᠲᠣᠭᠲᠠᠭᠠᠪᠠ᠃ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ | ᠳᠣᠣᠷᠠᠬᠢ ᠮᠡᠲᠦ ᠲᠠᠶᠢᠯᠤᠮᠵᠢ ᠬᠢᠶ᠎ᠠ᠄ | | | ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠪᠣᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠭ᠎ᠠ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠬᠦ ᠨᠢᠭᠡ ᠵᠦᠢᠯ ᠤᠨ ᠴᠢᠬᠤᠯᠠ ᠶᠡᠭᠡ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠣᠨ᠎ᠠ᠂ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ᠂ | ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠰ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ | ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠳᠦᠷᠢᠮ ᠤᠨ | ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠮᠠᠯᠵᠢᠬᠤ ᠲᠠᠷᠢᠶᠠᠯᠠᠬᠤ ᠣᠷᠣᠨ ᠤ | ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠨᠥᠬᠦᠪᠦᠷᠢ ᠮᠥᠩᠭᠦ ᠶᠢᠨ ᠬᠠᠮᠢᠶᠠᠷᠤᠯᠲᠠ ᠶᠢ | ᠵᠢᠷᠤᠮᠵᠢᠭᠤᠯᠤᠨ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠭᠡᠨ ᠤ ᠦᠷ᠎ᠡ ᠠᠰᠢᠭ ᠢ ᠳᠡᠭᠡᠭᠰᠢᠯᠡᠭᠦᠯᠵᠦ᠂ ᠮᠠᠨ ᠤ | ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠡᠯ᠎ᠡ | ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠮᠠᠨ ᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ | ᠣᠷᠣᠯᠭ᠎ᠠ ᠪᠠᠭᠠᠲᠠᠢ ᠬᠠᠮᠲᠤᠯᠢᠭ ᠵᠡᠷᠭᠡ ᠭᠤᠣᠯᠳᠠᠯᠭ᠎ᠠ ᠲᠠᠢ ᠡᠲᠡᠭᠡᠳ ᠤᠨ ᠦᠨᠳᠦᠰᠦᠨ ᠣᠷᠣᠨ ᠰᠠᠭᠤᠴᠠ ᠶᠢᠨ | ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ | ᠵᠠᠰᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ | ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠨᠥᠬᠦᠪᠦᠷᠢ ᠮᠥᠩᠭᠦ ᠶᠢᠨ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠪᠠ᠃ | | ᠬᠤᠶᠠᠷ᠂ ᠬᠠᠮᠢᠶ᠎ᠠ ᠪᠦᠬᠦᠢ ᠲᠣᠳᠣᠷᠬᠠᠶᠢᠯᠠᠯᠲᠠ | ︽ᠠᠷᠭ᠎ᠠ︾ ᠨᠢ ᠨᠡᠶᠢᠲᠡ 27 ᠵᠦᠢᠯ ᠲᠠᠢ᠂ ᠲᠤᠰ ᠠᠷᠭ᠎ᠠ ᠨᠢ 2025 ᠣᠨ ᠤ 12 ᠳ᠋ᠤᠭᠠᠷ ᠰᠠᠷ᠎ᠠ ᠶᠢᠨ | 31 ᠤ ᠡᠳᠦᠷ ᠪᠤᠯᠳᠠᠯ᠎ᠠ ᠬᠦᠴᠦᠨ ᠲᠠᠢ᠃ ᠬᠤᠭᠤᠴᠠᠭ᠎ᠠ ᠨᠢ ᠲᠦᠭᠦᠷᠡᠪᠡᠯ ᠬᠤᠯᠪᠣᠭᠳᠠᠯ ᠪᠦᠬᠦᠢ ᠲᠣᠭᠲᠠᠭᠠᠯ ᠪᠠ | ᠠᠵᠢᠯ ᠤᠨ ᠬᠡᠷᠡᠭᠴᠡᠭᠡ ᠶᠢ ᠦᠨᠳᠦᠰᠦᠯᠡᠨ᠂ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠦᠷᠭᠦᠯᠵᠢᠯᠡᠭᠦᠯᠬᠦ ᠡᠰᠡᠬᠦ | ᠵᠢᠴᠢ ᠦᠷᠭᠦᠯᠵᠢᠯᠡᠭᠦᠯᠬᠦ ᠬᠤᠭᠤᠴᠠᠭ᠎ᠠ ᠶᠢ ᠲᠣᠭᠲᠠᠭᠠᠨ᠎ᠠ᠃ ᠬᠡᠷᠡᠭᠵᠢᠭᠦᠯᠦᠭᠰᠡᠨ ᠡᠳᠦᠷ ᠠᠴᠠ ᠡᠬᠢᠯᠡᠨ᠂ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ | ᠪᠠᠶᠢᠰᠢᠩ ᠢ ᠰᠢᠨᠡᠳᠬᠡᠨ ᠵᠠᠰᠠᠬᠤ ᠨᠥᠬᠦᠪᠦᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠡᠳ᠋ ᠪᠠᠶᠢᠭᠤᠯᠤᠯᠲᠠ | ﹇2024﹈ 340 ᠳ᠋ᠦ᠋ᠭᠡᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ | | | ᠭᠤᠷᠪᠠ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠠᠮᠲᠤᠯᠢᠭ ᠵᠡᠷᠭᠡ ᠭᠤᠣᠯᠳᠠᠯᠭ᠎ᠠ ᠲᠠᠢ | ᠡᠲᠡᠭᠡᠳ ᠭᠡᠵᠦ ᠶᠠᠭᠤ ᠪᠣᠶ︖ | ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠠᠮᠲᠤᠯᠢᠭ ᠵᠡᠷᠭᠡ ᠭᠤᠣᠯᠳᠠᠯᠭ᠎ᠠ ᠲᠠᠢ ᠡᠲᠡᠭᠡᠳ ᠲᠤ ᠄ | ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠭᠰᠠᠨ ᠡᠷᠦᠬᠡ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ᠂ ᠮᠠᠯᠵᠢᠬᠤ ᠲᠠᠷᠢᠶᠠᠯᠠᠬᠤ | ᠣᠷᠣᠨ ᠤ ᠲᠠᠷᠠᠬᠠᠢ ᠪᠤᠲᠠᠷᠬᠠᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ᠂ ᠡᠪᠡᠳᠴᠢᠨ ᠤ | ᠰᠢᠯᠲᠠᠭᠠᠨ ᠭᠠᠮᠰᠢᠭ ᠠᠴᠠ ᠪᠣᠯᠵᠤ ᠰᠠᠨᠠᠭᠠᠨ ᠳᠤ ᠦᠭᠡᠢ ᠠᠳᠡᠯ ᠭᠠᠷᠤᠭᠰᠠᠨ ᠵᠡᠷᠭᠡ ᠵᠠᠶᠢᠯᠠᠰᠢ ᠦᠭᠡᠢ ᠵᠠᠷᠤᠯᠭ᠎ᠠ | ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠤ ᠦᠨᠳᠦᠰᠦᠨ ᠠᠮᠢᠳᠤᠷᠠᠯ | ᠳᠤᠨᠢ ᠬᠦᠨᠳᠦ ᠨᠣᠴᠢᠲᠠᠢ ᠬᠦᠴᠢᠷᠳᠡᠯ ᠲᠠᠢ ᠪᠣᠯᠤᠭᠰᠠᠨ ᠭᠡᠷ ᠪᠦᠯᠢ᠂ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ᠂ ᠮᠠᠯᠵᠢᠬᠤ ᠲᠠᠷᠢᠶᠠᠯᠠᠬᠤ | ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠭᠥᠷᠳᠡᠵᠦ | ᠥᠩᠭᠡᠷᠡᠭᠰᠡᠨ ᠦᠭᠡᠢ ᠮᠥᠷᠲᠡᠭᠡᠨ ᠲᠣᠰ ᠪᠡᠶ᠎ᠡ ᠶᠢᠨ ᠬᠦᠴᠦᠨ ᠳᠡᠭᠡᠨ ᠲᠦᠰᠢᠭᠯᠡᠨ ᠣᠷᠣᠨ ᠰᠠᠭᠤᠴᠠ ᠶᠢᠨ ᠠᠮᠤᠷ | ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢᠨ ᠠᠷᠭ᠎ᠠ ᠦᠭᠡᠢ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ | ᠪᠠᠭᠲᠠᠭᠠᠨ᠎ᠠ᠃ | | | ᠳᠥᠷᠪᠡ᠂ ᠨᠥᠬᠦᠪᠦᠷᠢ ᠮᠥᠩᠭᠦ ᠶᠢ ᠬᠡᠷᠡᠭᠯᠡᠬᠦ ᠴᠢᠭᠯᠡᠯ | ᠨᠥᠬᠦᠪᠦᠷᠢ ᠮᠥᠩᠭᠦ ᠶᠢ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠠᠮᠲᠤᠯᠢᠭ ᠵᠡᠷᠭᠡ | ᠭᠤᠣᠯᠳᠠᠯᠭ᠎ᠠ ᠲᠠᠢ ᠡᠲᠡᠭᠡᠳ ᠤᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ | ᠰᠢᠨᠡᠳᠬᠡᠨ ᠵᠠᠰᠠᠬᠤ᠂ 7 ᠲᠡᠰ ᠵᠢᠴᠢ 7 ᠲᠡᠰ ᠠᠴᠠ ᠳᠡᠭᠡᠭᠰᠢᠬᠢ ᠭᠠᠵᠠᠷ ᠬᠥᠳᠡᠯᠦᠯᠲᠡ ᠶᠢ ᠳᠠᠭᠠᠭᠠᠬᠤ | ᠰᠡᠷᠭᠡᠶᠢᠯᠡᠯᠲᠡ ᠶᠢᠨ ᠭᠠᠵᠠᠷ ᠣᠷᠣᠨ ᠤ ᠬᠥᠳᠡᠭᠡ ᠲᠣᠰᠬᠤᠨ ᠤ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ | ᠳᠠᠭᠠᠭᠠᠬᠤ ᠵᠢᠴᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠪᠤᠰᠤᠳ ᠮᠠᠯᠵᠢᠬᠤ ᠲᠠᠷᠢᠶᠠᠯᠠᠬᠤ | ᠣᠷᠣᠨ ᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠠᠮᠤᠷ ᠲᠦᠪᠰᠢᠨ ᠤ | ᠪᠠᠲᠤᠯᠠᠭ᠎ᠠ ᠶᠢᠨ ᠵᠠᠷᠤᠯᠭ᠎ᠠ ᠳᠤ ᠬᠡᠷᠡᠭᠯᠡᠨ᠎ᠡ᠃ | ᠨᠥᠬᠦᠪᠦᠷᠢ ᠮᠥᠩᠭᠦ ᠶᠢ ᠳᠣᠣᠷᠠᠬᠢ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ᠄ ᠲᠠᠩ ᠭᠠᠭᠴᠠ ᠣᠷᠣᠨ | ᠰᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠣᠷᠣᠨ ᠰᠠᠭᠤᠴᠠ ᠶᠢᠨ ᠣᠷᠴᠢᠨ ᠨᠥᠬᠦᠴᠡᠯ ᠢ | ᠰᠠᠶᠢᠵᠢᠷᠠᠭᠤᠯᠬᠤ ᠲᠠᠯ᠎ᠠ ᠶᠢᠨ ᠵᠠᠷᠤᠯᠭ᠎ᠠ ᠵᠡᠷᠭᠡ ᠶᠢ ᠪᠠᠭᠲᠠᠭᠠᠭᠰᠠᠨ ᠦᠨᠳᠦᠰᠦᠨ ᠣᠷᠣᠨ ᠰᠠᠭᠤᠴᠠ ᠶᠢᠨ ᠠᠮᠤᠷ | ᠲᠦᠪᠰᠢᠨ ᠢ ᠪᠠᠲᠤᠯᠠᠬᠤ ᠪᠠᠷ ᠵᠣᠷᠢᠯᠭ᠎ᠠ ᠪᠣᠯᠭᠠᠭᠰᠠᠨ ᠵᠠᠷᠤᠯᠭ᠎ᠠ ᠶᠢ ᠪᠠᠲᠤᠯᠠᠬᠤ ᠦᠭᠡᠢ︔ ᠣᠷᠣᠯᠭ᠎ᠠ ᠪᠠᠭᠠᠲᠠᠢ | ᠬᠠᠮᠲᠤᠯᠢᠭ ᠵᠡᠷᠭᠡ ᠭᠤᠣᠯᠳᠠᠯᠭ᠎ᠠ ᠲᠠᠢ ᠡᠲᠡᠭᠡᠳ ᠠᠴᠠ ᠪᠤᠰᠤᠳ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠨ | ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠵᠠᠷᠤᠯᠭ᠎ᠠ︔ ᠭᠠᠮᠰᠢᠭ ᠠᠴᠠ ᠪᠣᠯᠵᠤ ᠨᠤᠷᠠᠵᠤ ᠬᠤᠬᠢᠷᠠᠭᠰᠠᠨ | ᠲᠠᠷᠢᠶᠠᠴᠢᠨ ᠤ ᠭᠡᠷ ᠪᠠᠶᠢᠰᠢᠩ ᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠨᠥᠬᠦᠪᠦᠷᠢ ᠶᠢᠨ ᠬᠡᠪᠴᠢᠶᠡᠨ ᠳᠤ | ᠨᠢᠭᠡᠨᠲᠡ ᠣᠷᠣᠭᠤᠯᠤᠭᠰᠠᠨ ᠵᠡᠷᠭᠡ ᠨᠢᠭᠡᠨᠲᠡ ᠪᠤᠰᠤᠳ ᠠᠷᠭ᠎ᠠ ᠵᠠᠮ ᠢᠶᠠᠷ ᠪᠡᠯᠡ ᠮᠥᠩᠭᠦ ᠪᠠᠷ ᠳᠡᠮᠵᠢᠭᠰᠡᠨ ᠣᠷᠣᠨ | ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠵᠠᠷᠤᠯᠭ᠎ᠠ︔ ᠮᠠᠯᠵᠢᠬᠤ ᠲᠠᠷᠢᠶᠠᠯᠠᠬᠤ ᠣᠷᠣᠨ ᠤ ᠨᠤᠷᠠᠬᠤ | ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠬᠠᠮᠢᠶᠠᠷᠤᠯᠲᠠ ᠶᠢᠨ ᠠᠵᠢᠯ ᠤᠨ ᠵᠠᠷᠤᠳᠠᠯ᠂ ᠠᠵᠢᠯᠲᠠᠨ ᠪᠠ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠲᠠᠯ᠎ᠠ ᠶᠢᠨ ᠵᠠᠷᠤᠯᠭ᠎ᠠ ᠳᠤ ᠬᠡᠷᠡᠭᠯᠡᠵᠦ ᠪᠤᠯᠬᠤ ᠦᠭᠡᠢ︔ | ᠲᠣᠭᠲᠠᠭᠠᠯ ᠳᠤ ᠦᠯᠦ ᠨᠡᠶᠢᠴᠡᠬᠦ ᠪᠤᠰᠤᠳ ᠵᠠᠷᠤᠯᠭ᠎ᠠ᠃ | | | ᠲᠠᠪᠤ᠂ ᠨᠥᠬᠦᠪᠦᠷᠢ ᠮᠥᠩᠭᠦ ᠶᠢ ᠬᠡᠷᠬᠢᠨ ᠰᠢᠯᠵᠢᠭᠦᠯᠦᠨ ᠥᠭᠬᠦ ᠪᠤᠢ︖ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠨᠥᠬᠦᠪᠦᠷᠢ | ᠮᠥᠩᠭᠦ ᠶᠢ ᠣᠯᠭᠤᠬᠤ ᠳᠤ᠂ ᠤᠯᠤᠰ ᠠᠴᠠ ᠲᠥᠪᠯᠡᠷᠡᠭᠦᠯᠦᠨ ᠣᠯᠭᠤᠬᠤ ᠳᠦᠷᠢᠮ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ | ᠬᠡᠪᠴᠢᠶᠡᠨ ᠳᠤ ᠬᠠᠷᠢᠶᠠᠯᠠᠭᠳᠠᠪᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠴᠠᠭᠠᠵᠠ ᠳᠦᠷᠢᠮ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠮᠠᠯᠵᠢᠬᠤ ᠲᠠᠷᠢᠶᠠᠯᠠᠬᠤ ᠡᠷᠦᠬᠡ ᠳᠤ ᠰᠢᠯᠵᠢᠭᠦᠯᠦᠨ ᠥᠭᠬᠦ ᠪᠡᠯᠡ ᠮᠥᠩᠭᠦ ᠶᠢ ᠪᠣᠳᠠᠲᠠᠢ ᠪᠠᠶᠢᠳᠠᠯ ᠢᠶᠠᠨ | ᠦᠨᠳᠦᠰᠦᠯᠡᠨ ᠱᠠᠲᠤ ᠬᠤᠪᠢᠶᠠᠨ ᠬᠠᠷᠢᠴᠠᠯ ᠶᠣᠰᠣᠭᠠᠷ ᠪᠤᠶᠤ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠤ ᠳᠠᠷᠠᠭ᠎ᠠ | ᠨᠢᠭᠡ ᠤᠳᠠᠭ᠎ᠠ ᠶᠢᠨ ᠴᠢᠨᠠᠷᠲᠠᠢ ᠪᠠᠷ ᠮᠠᠯᠵᠢᠬᠤ ᠲᠠᠷᠢᠶᠠᠯᠠᠬᠤ ᠡᠷᠦᠬᠡ ᠶᠢᠨ ︽ᠪᠦᠬᠦᠨ ᠳᠤ ᠲᠣᠬᠢᠷᠠᠬᠤ ᠺᠠᠷᠲ︾ ᠤᠨ | ᠲᠠᠩᠰᠠᠨ ᠡᠷᠦᠬᠡ ᠳᠤ ᠭᠦᠢᠴᠡᠳ ᠲᠤᠭ᠎ᠠ ᠪᠠᠷ ᠰᠢᠯᠵᠢᠭᠦᠯᠦᠨ ᠥᠭᠭᠦᠨ᠎ᠡ᠂ ᠪᠥᠬᠦ ᠪᠡᠯᠡ ᠮᠥᠩᠭᠦ ᠶᠢᠨ ᠰᠢᠯᠵᠢᠭᠦᠯᠦᠨ | ᠥᠭᠬᠦ ᠴᠠᠭ ᠢ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠤ ᠳᠠᠷᠠᠭᠠᠬᠢ 30 ᠡᠳᠦᠷ ᠠᠴᠠ ᠬᠤᠶᠢᠰᠢᠯᠠᠭᠤᠯᠵᠤ ᠪᠣᠯᠬᠤ | ᠦᠭᠡᠢ᠃ | | | ᠲᠠᠶᠢᠯᠤᠮᠵᠢ ᠬᠢᠭᠴᠢ᠄ ᠪᠦᠦ ᠶᠦᠩ ᠰᠢᠶᠠᠩ᠂ ᠵᠧᠦ ᠰᠢᠶᠣᠣ ᠶᠤᠸᠠᠨ ᠤᠲᠠᠰᠤ᠄ 0471 - 6945192᠂ | 0471 - 4192013 |