ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠺᠸᠠᠨ᠋ᠲ ᠤᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2025/4/25
      ᠾᠧ ᠬᠠᠢ ᠳ᠋ᠦᠩ ᠣᠷᠣᠯᠴᠠᠵᠠᠢ            ︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 23 ᠤ ᠡᠳᠦᠷ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠺᠸᠠᠨ᠋ᠲ ᠤᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠺᠸᠠᠨ᠋ᠲ ᠤᠨ ᠠᠵᠤ ᠦᠢᠯᠡᠰ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠺᠸᠠᠨ᠋ᠲ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦᠢ ᠫᠢᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠭᠰᠠᠨ ᠪᠥᠭᠡᠳ ᠠᠵᠢᠯ ᠤᠨ ᠶᠠᠷᠢᠯᠴᠠᠬᠤ ᠬᠤᠷᠠᠯ ᠬᠢᠪᠡ᠃            ᠵᠥᠪᠯᠡᠯᠴᠡᠭᠡᠷ ᠢ ᠦᠨᠳᠦᠰᠦᠯᠡᠪᠡᠯ᠂ ᠲᠣᠰ ᠲᠥᠷᠥᠯ ᠵᠦᠢᠯ ᠳᠤ ᠺᠸᠠᠨ᠋ᠲ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠰᠢᠨ᠎ᠡ ᠶᠢ ᠡᠭᠦᠳᠬᠦ ᠲᠥᠪ ᠪᠣᠯᠣᠨ ᠺᠸᠠᠨ᠋ᠲ ᠤᠨ ᠠᠮᠤᠷ ᠲᠦᠪᠰᠢᠨ ᠤ ᠢᠲᠡᠭᠡᠮᠵᠢᠲᠦ ᠡᠨᠧᠷᠭᠢ ᠣᠯᠭᠤᠬᠤ ᠰᠠᠭᠤᠷᠢᠨ ᠭᠠᠵᠠᠷ ᠢ ᠲᠥᠯᠥᠪᠵᠢᠭᠦᠯᠦᠨ ᠪᠠᠶᠢᠭᠤᠯᠵᠤ᠂ ᠬᠥᠬᠡᠬᠤᠲᠠ ᠶᠢ ᠪᠥᠬᠦ ᠤᠯᠤᠰ ᠤᠨ ᠲᠡᠷᠢᠭᠦᠨ ᠤ ᠺᠸᠠᠨ᠋ᠲ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠤᠲᠠ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃            ᠬᠤᠲᠠ ᠶᠢᠨ ᠳᠡᠳ᠋ ᠳᠠᠷᠤᠭ᠎ᠠ ᠲᠠᠯ᠎ᠠ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号