| | | | ᠲᠠᠷᠢᠶᠠᠴᠢᠳ ᠲᠤ ᠠᠰᠢᠭ ᠬᠦᠷᠲᠡᠭᠡᠬᠦ E ᠵᠢᠭᠡᠯᠡᠯᠭᠡ ᠨᠢ ᠬᠡᠷᠡᠭᠯᠡᠬᠦ ᠡᠲᠡᠭᠡᠳ ᠪᠣᠯ ᠬᠥᠳᠡᠭᠡ ᠲᠣᠰᠬᠤᠨ ᠤ | ᠲᠠᠷᠢᠵᠤ ᠲᠡᠵᠢᠭᠡᠨ ᠦᠷᠡᠵᠢᠭᠦᠯᠬᠦ᠂ ᠦᠢᠯᠡᠳᠪᠦᠷᠢᠯᠡᠵᠦ ᠡᠳ᠋ᠰᠢᠭᠦᠯᠬᠦ ᠵᠡᠷᠭᠡ ᠶᠠᠪᠤᠳᠠᠯ᠂ ᠮᠠᠨ ᠤ ᠲᠣᠰᠬᠤᠨ ᠤ | ᠠᠷᠠᠳ ᠤᠨ ᠪᠡᠶ᠎ᠡ ᠳᠤᠨᠢ ᠲᠣᠬᠢᠷᠠᠭᠤᠯᠤᠨ ᠪᠠᠶᠢᠭᠤᠯᠤᠭᠰᠠᠨ ᠵᠢᠭᠡᠯᠡᠯᠭᠡ ᠶᠢᠨ ᠪᠦᠲᠦᠭᠡᠭᠳᠡᠬᠦᠨ ᠮᠥᠨ᠂ ᠬᠦᠦ ᠶᠢᠨ | ᠨᠣᠷᠮ᠎ᠠ ᠨᠢ ᠬᠠᠷᠢᠴᠠᠩᠭᠤᠢ ᠪᠠᠷ ᠳᠣᠣᠷ᠎ᠠ᠂ ᠲᠠᠷᠢᠶᠠᠴᠢᠨ ᠪᠠ ᠵᠢᠵᠢᠭ ᠬᠤᠳᠠᠯᠳᠤᠭᠠᠨ ᠤ ᠡᠷᠦᠬᠡ ᠶᠢᠨ ᠬᠡᠷᠡᠭᠴᠡᠭᠡ ᠳᠤ | ᠨᠠᠩ ᠲᠣᠬᠢᠷᠠᠮᠵᠢᠲᠠᠢ ᠪᠠᠶᠢᠳᠠᠭ᠃ ᠲᠠᠢ ᠫᠢᠩ ᠵᠤᠸᠠᠩ ᠲᠣᠰᠬᠤᠨ ᠤ ᠠᠷᠠᠳ ᠤᠨ ᠵᠥᠪᠯᠡᠯ ᠤᠨ ᠡᠭᠦᠳᠡᠨ ᠡᠮᠦᠨᠡᠬᠢ | ᠨᠢᠭᠡᠳᠦᠭᠡᠷ ᠮᠥᠷ ᠤᠨ ᠮᠥᠩᠭᠦᠨ ᠭᠦᠢᠯᠭᠡᠭᠡᠨ ᠤ ᠮᠡᠳᠡᠯᠭᠡ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ | ᠰᠠᠮᠪᠠᠷ᠎ᠠ ᠶᠢᠨ ᠡᠮᠦᠨ᠎ᠡ᠂ ᠠᠵᠢᠯᠲᠠᠳ ᠲᠣᠰᠬᠤᠨ ᠤ ᠠᠷᠠᠳ ᠤᠨ ᠠᠰᠠᠭᠤᠯᠲᠠ ᠶᠢ ᠬᠦᠯᠢᠶᠡᠵᠦ ᠪᠠᠶᠢᠨ᠎ᠠ᠃ 4 | ᠰᠠᠷ᠎ᠠ ᠶᠢᠨ 23 ᠤ ᠡᠳᠦᠷ᠂ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠬᠤᠭᠤᠴᠠᠭᠠᠨ ᠳᠤ᠂ ᠬᠠᠪᠤᠷ ᠤᠨ ᠲᠠᠷᠢᠶᠠᠯᠠᠭ᠎ᠠ ᠶᠢᠨ ᠰᠣᠶᠣᠯ ᠤᠨ ᠨᠠᠶᠢᠷ ᠢᠶᠠᠷ | ᠠᠵᠠ ᠲᠣᠬᠢᠶᠠᠯ ᠪᠣᠯᠭᠠᠵᠤ᠂ ᠪᠠᠶᠠᠨᠵᠡᠭᠡᠯᠢ ᠭᠤᠳᠤᠮᠵᠢ ᠶᠢᠨ ᠲᠠᠢ ᠫᠢᠩ ᠵᠤᠸᠠᠩ ᠲᠣᠰᠬᠤᠨ ᠳᠤ ᠭᠦᠨᠵᠡᠭᠡᠶᠢᠷᠡᠨ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | | | ᠡᠳ᠋ ᠤᠨ ᠵᠠᠰᠠᠭ ᠤᠨ ᠲᠣᠪᠴᠢᠶ᠎ᠠ ᠠᠴᠠ ᠶᠢᠨ ᠭᠦ᠋ ᠲᠠᠷᠢᠶᠠᠯᠠᠩ ᠤᠨ ᠬᠤᠳᠠᠯᠳᠤᠭᠠᠨ ᠤ ᠪᠠᠩᠬᠢ᠂ ᠥᠪᠥᠷ | ᠮᠣᠩᠭᠤᠯ ᠤᠨ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠬᠤᠪᠢᠶᠠᠷᠢ ᠠᠩᠭᠢ ᠶᠢ ᠵᠣᠬᠢᠶᠠᠨ ᠪᠠᠶᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠤᠨ ᠲᠣᠰᠬᠤᠨ ᠤ ᠠᠷᠠᠳ ᠤᠨ ᠮᠥᠩᠭᠦᠨ ᠭᠦᠢᠯᠭᠡᠭᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠭᠠᠴᠠᠭᠠᠨ ᠤ ᠠᠷᠠᠳ ᠤᠨ ᠵᠥᠪᠯᠡᠯ ᠤᠨ ᠡᠭᠦᠳᠡᠨ ᠳᠤ ᠠᠰᠠᠭᠤᠨ ᠯᠠᠪᠯᠠᠬᠤ ᠲᠤᠰᠬᠠᠢ ᠲᠣᠭᠤᠷᠢᠭ ᠢ ᠪᠠᠶᠢᠭᠤᠯᠤᠨ᠎ᠠ᠃ | ᠲᠣᠮᠣ ᠬᠡᠯᠪᠡᠷᠢ ᠶᠢᠨ ᠪᠤᠳᠤᠭᠲᠤ ᠵᠢᠷᠤᠭ ᠨᠢ ᠮᠥᠩᠭᠦᠨ ᠭᠦᠢᠯᠭᠡᠭᠡᠨ ᠤ ᠮᠡᠳᠡᠯᠭᠡ ᠶᠢᠨ ᠵᠢᠷᠤᠭ ᠪᠢᠴᠢᠭ ᠢ ᠰᠦᠷᠴᠢᠨ | ᠵᠢᠷᠤᠵᠤ᠂ ᠬᠥᠨᠳᠡᠯᠡᠨ ᠪᠢᠴᠢᠭᠡᠰᠦ ᠡᠯᠭᠦᠵᠦ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠦᠢᠯᠡᠳᠬᠦᠨ ᠤ ᠭᠠᠷ | ᠳᠡᠪᠲᠡᠷ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠬᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ | ᠬᠠᠤᠯᠢ ᠪᠤᠰᠤ ᠪᠠᠷ ᠵᠢᠭᠡᠯᠡᠯᠭᠡ ᠲᠠᠯᠪᠢᠬᠤ ᠵᠡᠷᠭᠡ ᠤᠬᠠᠭᠤᠯᠭ᠎ᠠ ᠶᠢᠨ ᠬᠠᠭᠤᠳᠠᠰᠤ ᠶᠢ ᠳᠡᠯᠭᠡᠨ ᠲᠠᠯᠪᠢᠵᠤ᠂ ᠲᠣᠰᠬᠤᠨ ᠤ | ᠠᠷᠠᠳ ᠲᠤ ᠵᠢᠩᠬᠢᠨᠢ ᠪᠡᠯᠡ ᠲᠣᠬᠢᠷᠠᠭᠤᠯᠬᠤ ᠠᠷᠭ᠎ᠠ ᠵᠠᠮ ᠬᠢᠭᠡᠳ ᠬᠠᠤᠯᠢ ᠪᠤᠰᠤ ᠪᠠᠷ ᠵᠢᠭᠡᠯᠡᠯᠭᠡ ᠲᠠᠯᠪᠢᠬᠤ ᠵᠠᠭᠠᠭ | ᠱᠤᠭᠤᠮ ᠢ ᠲᠠᠶᠢᠯᠪᠤᠷᠢᠯᠠᠨ ᠥᠭᠴᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠨᠠᠰᠤᠵᠢᠯ ᠤᠨ ᠠᠰᠠᠷᠠᠮᠵᠢ᠂ | ᠲᠠᠷᠢᠶᠠᠯᠠᠩ ᠳᠤ ᠬᠤᠯᠪᠣᠭᠳᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠶᠢ ᠰᠡᠷᠭᠡᠶᠢᠯᠡᠬᠦ ᠮᠡᠳᠡᠯᠭᠡ ᠶᠢ ᠭᠤᠣᠯᠳᠠᠯᠭ᠎ᠠ ᠲᠠᠢ ᠤᠬᠠᠭᠤᠯᠵᠤ᠂ ᠲᠣᠰᠬᠤᠨ ᠤ ᠠᠷᠠᠳ ᠢ ᠬᠠᠪᠰᠤᠷᠤᠨ | ᠬᠠᠤᠯᠢ ᠪᠤᠰᠤ ᠮᠥᠩᠭᠦᠨ ᠭᠦᠢᠯᠭᠡᠭᠡᠨ ᠤ ᠤᠨᠠᠭᠤᠯᠢ ᠠᠴᠠ ᠵᠠᠶᠢᠯᠠᠵᠤ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ | ᠦᠢᠯᠡᠴᠢᠯᠡᠭᠡ ᠶᠢ ᠲᠣᠰᠬᠤᠨ ᠤ ᠠᠷᠠᠳ ᠤᠨ ᠬᠠᠷᠠᠭᠠᠨ ᠳᠤ ᠣᠷᠣᠭᠤᠯᠵᠤ᠂ ᠲᠣᠰᠬᠤᠨ ᠤ ᠠᠷᠠᠳ ᠤᠨ ᠲᠠᠷᠢᠶᠠᠨ | ᠭᠠᠵᠠᠷ᠂ ᠭᠡᠷ ᠤᠨ ᠬᠦᠷᠢᠶ᠎ᠡ ᠬᠠᠰᠢᠶ᠎ᠠ ᠳᠤ ᠴᠥᠮ ᠳᠥᠭᠦᠮ ᠳᠥᠲᠡ ᠮᠥᠩᠭᠦᠨ ᠭᠦᠢᠯᠭᠡᠭᠡᠨ ᠤ ᠮᠡᠳᠡᠯᠭᠡ ᠣᠯᠭᠤᠵᠤ᠂ | ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠷᠲᠡᠭᠡᠨ᠎ᠡ᠃ | | | | | | ᠬᠠᠪᠤᠷ ᠤᠨ ᠲᠠᠷᠢᠶᠠᠯᠠᠭ᠎ᠠ ᠶᠢᠨ ᠬᠠᠪᠤᠷ ᠣᠷᠭᠢᠯᠵᠤ᠂ ᠲᠣᠰ ᠤᠳᠠᠭᠠᠨ ᠤ ᠠᠵᠢᠯᠯᠠᠭ᠎ᠠ ᠲᠣᠰᠬᠤᠨ ᠤ ᠠᠷᠠᠳ ᠲᠤ | ᠳᠥᠭᠦᠮ ᠳᠥᠲᠡ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠬᠠᠪᠰᠤᠷᠤᠨ ᠮᠥᠩᠭᠦᠨ ᠭᠦᠢᠯᠭᠡᠭᠡᠨ ᠤ | ᠲᠦᠭᠰᠢᠭᠦᠷᠢ ᠶᠢᠨ ᠤᠬᠠᠮᠰᠠᠷ ᠢ ᠨᠢ ᠨᠡᠮᠡᠭᠳᠡᠭᠦᠯᠪᠡ᠃ ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠨᠠᠩ | ᠣᠯᠠᠨ ᠪᠡᠯᠡ ᠲᠣᠬᠢᠷᠠᠭᠤᠯᠭ᠎ᠠ ᠶᠢ ᠦᠷᠭᠦᠯᠵᠢᠯᠡᠨ ᠪᠣᠬᠢᠷᠲᠤᠯ ᠦᠭᠡᠢ ᠠᠵᠤ ᠦᠢᠯᠡᠰ ᠳᠠᠰᠢ ᠬᠡᠯᠪᠡᠶᠢᠯᠭᠡᠬᠦ ᠶᠢ | ᠦᠷᠭᠦᠯᠵᠢᠯᠡᠨ ᠬᠥᠲᠥᠯᠥᠨ ᠵᠢᠯᠤᠭᠤᠳᠴᠤ᠂ ᠬᠥᠳᠡᠭᠡ ᠲᠣᠰᠬᠤᠨ ᠤ ᠠᠵᠤ ᠠᠬᠤᠢ ᠶᠢᠨ ︽ᠭᠤᠷᠪᠠᠨ ᠠᠵᠤ ᠦᠢᠯᠡᠰ︾ | ᠤᠨ ᠠᠭᠤᠰᠤᠯᠴᠠᠨ ᠬᠥᠭᠵᠢᠬᠦ ᠳᠤ ᠬᠦᠴᠦᠨ ᠨᠡᠮᠡᠷᠢᠯᠡᠨ᠎ᠡ᠃ | | | | ᠢᠷᠡᠯᠲᠡ ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |