| | ᠰᠤᠷᠪᠤᠯᠵᠢᠯᠠᠬᠴᠢ ᠳᠤᠮᠳᠠᠳᠤ ᠤᠯᠤᠰ ᠤᠨ ᠲᠡᠮᠦᠷ ᠵᠠᠮ ᠤᠨ ᠭᠦᠭᠡᠬᠤᠲᠠ ᠲᠣᠪᠴᠢᠶ᠎ᠠ ᠶᠢᠨ ᠪᠦᠯᠦᠭᠯᠡᠯ ᠤᠨ | ᠬᠢᠵᠠᠭᠠᠷᠲᠤ ᠺᠤᠮᠫᠠᠨᠢ ᠠᠴᠠ ᠣᠶᠢᠯᠠᠭᠠᠭᠰᠠᠨ ᠢᠶᠠᠷ᠂ 4 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠲᠡᠮᠦᠷ | ᠵᠠᠮ ᠤᠨ ᠭᠦᠭᠡᠬᠤᠲᠠ ᠶᠢᠨ ᠲᠣᠪᠴᠢᠶ᠎ᠠ ᠠᠶᠠᠨᠴᠢᠨ ᠤ ᠪᠢᠯᠧᠲ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ | ᠰᠢᠨ᠎ᠡ ᠶᠢ ᠡᠭᠦᠳᠴᠦ᠂ ︽ᠭᠦᠭᠡᠬᠤᠲᠠ + ᠤᠯᠠᠭᠠᠨᠴᠠᠪ + ᠣᠷᠳᠣᠰ︾ ᠵᠢᠭᠤᠯᠴᠢᠯᠠᠯ ᠤᠨ ᠤᠳᠠᠭ᠎ᠠ ᠲᠡᠮᠳᠡᠭᠯᠡᠬᠦ | ᠪᠢᠯᠧᠲ ᠤᠨ ᠦᠢᠯᠡᠳᠬᠦᠨ ᠢ ᠠᠩᠬ᠎ᠠ ᠭᠠᠷᠭᠠᠵᠤ᠂ ᠠᠶᠠᠨᠴᠢᠳ ︽ᠨᠢᠭᠡ ᠪᠢᠯᠧᠲ ᠢᠶᠠᠷ ᠭᠤᠷᠪᠠᠨ ᠬᠤᠲᠠ ᠶᠢ | ᠲᠣᠭᠤᠷᠢᠵᠤ︾ ᠪᠤᠯᠬᠤ ᠪᠣᠯᠭᠠᠵᠠᠢ᠃ | | | ᠣᠶᠢᠯᠠᠭᠠᠭᠰᠠᠨ ᠢᠶᠠᠷ᠂ ᠲᠣᠰ ᠤᠳᠠᠭ᠎ᠠ ᠭᠠᠷᠭᠠᠭᠰᠠᠨ ︽ᠭᠦᠭᠡᠬᠤᠲᠠ + ᠤᠯᠠᠭᠠᠨᠴᠠᠪ + ᠣᠷᠳᠣᠰ︾ | ᠵᠢᠭᠤᠯᠴᠢᠯᠠᠯ ᠤᠨ ᠤᠳᠠᠭ᠎ᠠ ᠲᠡᠮᠳᠡᠭᠯᠡᠬᠦ ᠪᠢᠯᠧᠲ ᠲᠤ ︽ᠭᠦᠭᠡᠬᠤᠲᠠ ᠠᠴᠠ ᠤᠯᠠᠭᠠᠨᠴᠠᠪ ᠬᠦᠷᠬᠦ︾᠂ | ︽ᠤᠯᠠᠭᠠᠨᠴᠠᠪ ᠠᠴᠠ ᠭᠦᠭᠡᠬᠤᠲᠠ ᠬᠦᠷᠬᠦ︾᠂ ︽ᠭᠦᠭᠡᠬᠤᠲᠠ ᠠᠴᠠ ᠣᠷᠳᠣᠰ ᠬᠦᠷᠬᠦ︾᠂ ︽ᠣᠷᠳᠣᠰ ᠠᠴᠠ | ᠭᠦᠭᠡᠬᠤᠲᠠ ᠬᠦᠷᠬᠦ︾ 4 ᠬᠡᠰᠡᠭ ᠠᠶᠠᠯᠠᠯ ᠤᠨ ᠪᠢᠯᠧᠲ ᠢ ᠲᠣᠰ ᠪᠦᠷᠢ ᠬᠤᠶᠠᠳᠤᠭᠠᠷ ᠵᠡᠷᠭᠡ ᠶᠢᠨ ᠰᠠᠭᠤᠳᠠᠯ ᠤᠨ 1 | ᠪᠢᠯᠧᠲ ᠢ ᠪᠠᠭᠲᠠᠭᠠᠵᠤ᠂ ᠦᠢᠯᠡᠳᠬᠦᠨ ᠤ ᠪᠢᠯᠧᠲ ᠤᠨ ᠦᠨ᠎ᠡ ᠶᠢ ᠡᠯ᠎ᠡ ᠲᠣᠭᠤᠷᠢᠭ ᠤᠨ ᠬᠤᠭᠤᠷᠣᠨᠳᠣᠭᠢ | ᠬᠥᠳᠡᠯᠭᠡᠬᠦ ᠬᠦᠴᠦᠨᠲᠦ ᠭᠠᠯᠲᠤ ᠲᠡᠷᠭᠡᠨ ᠤ ᠤᠤᠯ ᠪᠢᠯᠧᠲ ᠤᠨ ᠦᠨ᠎ᠡ ᠶᠢᠨ ᠰᠠᠭᠤᠷᠢᠨ ᠳᠡᠭᠡᠷ᠎ᠡ 9.2 ᠢᠶᠠᠷ | ᠨᠤᠭᠤᠯᠤᠨ ᠪᠤᠳᠤᠬᠤ ᠬᠠᠷᠠᠭᠠᠯᠵᠠᠯ ᠲᠠᠢ ᠲᠣᠬᠢᠷᠠᠭᠤᠯᠵᠠᠢ᠃ | | | ᠤᠳᠠᠭ᠎ᠠ ᠲᠡᠮᠳᠡᠭᠯᠡᠬᠦ ᠪᠢᠯᠧᠲ ᠬᠤᠳᠠᠯᠳᠤᠨ ᠠᠪᠤᠭᠰᠠᠨ ᠠᠶᠠᠨᠴᠢᠳ ᠰᠠᠭᠤᠳᠠᠯ ᠢ ᠤᠷᠢᠳᠴᠢᠯᠠᠨ ᠪᠣᠯᠵᠣᠬᠤ | ᠪᠠ ᠰᠢᠭᠤᠳ ᠦᠨᠡᠮᠯᠡᠯ ᠰᠢᠷᠪᠢᠬᠦ ᠬᠤᠶᠠᠷ ᠵᠦᠢᠯ ᠤᠨ ᠠᠷᠭ᠎ᠠ ᠭᠡᠯᠪᠡᠷᠢ ᠶᠢ ᠠᠰᠢᠭᠯᠠᠵᠤ᠂ 9 ᠡᠳᠦᠷ ︵ᠲᠣᠰ ᠡᠳᠦᠷ ᠢ | ᠪᠠᠭᠲᠠᠭᠠᠨ᠎ᠠ︶ ᠤᠨ ᠬᠦᠴᠦᠨ ᠲᠠᠢ ᠬᠤᠭᠤᠴᠠᠭᠠᠨ ᠳᠤ᠂ ᠦᠢᠯᠡᠳᠬᠦᠨ ᠤ ᠵᠢᠭᠠᠨ ᠲᠣᠭᠲᠠᠭᠠᠭᠰᠠᠨ ᠡᠬᠢᠯᠡᠬᠦ᠂ ᠬᠦᠷᠬᠦ | ᠥᠷᠲᠡᠭᠡᠨ ᠤ ᠡᠭᠡᠯᠵᠢ ᠶᠢᠨ ᠭᠠᠯᠲᠤ ᠲᠡᠷᠭᠡᠨ ᠳᠤ ᠰᠠᠭᠤᠵᠤ ᠪᠣᠯᠣᠨ᠎ᠠ᠃ ᠦᠢᠯᠡᠳᠬᠦᠨ ᠢ ᠬᠤᠳᠠᠯᠳᠤᠨ ᠠᠪᠤᠭᠰᠠᠨ ᠤ | ᠳᠠᠷᠠᠭ᠎ᠠ᠂ 30 ᠡᠳᠦᠷ ᠤᠨ ᠳᠣᠲᠣᠷ᠎ᠠ ︵ᠲᠤᠰ ᠡᠳᠦᠷ ᠪᠠᠭᠲᠠᠨ᠎ᠠ︶ ᠬᠡᠷᠡᠭᠯᠡᠬᠦ ᠬᠡᠷᠡᠭᠲᠡᠢ᠂ 30 ᠡᠳᠦᠷ ᠤᠨ ᠳᠣᠲᠣᠷ᠎ᠠ | ᠲᠡᠷᠭᠡᠨ ᠳᠤ ᠰᠠᠭᠤᠭᠰᠠᠨ ᠦᠭᠡᠢ ᠪᠣᠯ ᠦᠢᠯᠡᠳᠬᠦᠨ ᠨᠢ ᠠᠶᠠᠨᠳᠠᠭᠠᠨ ᠬᠦᠴᠦᠨ ᠦᠭᠡᠢ ᠪᠤᠯᠬᠤ ᠶᠢᠨ ᠬᠠᠮᠲᠤ | ᠵᠣᠭᠤᠰ ᠢ ᠨᠢ ᠪᠦᠭᠦ ᠲᠤᠭ᠎ᠠ ᠪᠠᠷ ᠨᠢ ᠪᠤᠴᠠᠭᠠᠨ᠎ᠠ᠃ | | | ᠵᠢᠭᠤᠯᠴᠢᠯᠠᠯ ᠤᠨ ᠤᠳᠠᠭ᠎ᠠ ᠶᠢᠨ ᠪᠢᠯᠧᠲ ᠬᠤᠳᠠᠯᠳᠤᠨ ᠠᠪᠤᠭᠰᠠᠨ ᠠᠶᠠᠨᠴᠢᠳ ᠢ ᠵᠥᠪᠭᠡᠨ ᠬᠤᠪᠢ ᠬᠥᠮᠥᠨ | ᠬᠡᠷᠡᠭᠯᠡᠬᠦ ᠪᠠᠷ ᠬᠢᠵᠠᠭᠠᠷᠯᠠᠨ᠎ᠠ᠂ ᠰᠢᠯᠵᠢᠭᠦᠯᠦᠨ ᠥᠭᠬᠦ ᠪᠤᠶᠤ ᠬᠠᠮᠲᠤ ᠪᠠᠷ ᠬᠡᠷᠡᠭᠯᠡᠵᠦ ᠪᠤᠯᠬᠤ ᠦᠭᠡᠢ ᠭᠡᠵᠦ ᠲᠡᠮᠦᠷ | ᠵᠠᠮ ᠤᠨ ᠰᠠᠯᠠᠭ᠎ᠠ ᠮᠥᠴᠢᠷ ᠠᠴᠠ ᠰᠠᠨᠠᠭᠤᠯᠵᠤ ᠪᠠᠶᠢᠨ᠎ᠠ᠃ ᠲᠡᠮᠦᠷ ᠵᠠᠮ ᠤᠨ ᠰᠠᠭᠠᠳ ᠦᠭᠡᠢ ᠨᠡᠪᠲᠡᠷᠡᠬᠦ ᠭᠡᠰᠢᠭᠦᠨ | ᠵᠢᠭᠤᠯᠴᠢᠯᠠᠯ ᠤᠨ ᠤᠳᠠᠭ᠎ᠠ ᠲᠡᠮᠳᠡᠭᠯᠡᠬᠦ ᠪᠢᠯᠧᠲ ᠢ ᠬᠤᠳᠠᠯᠳᠤᠨ ᠠᠪᠬᠤ ᠪᠠ ᠬᠡᠷᠡᠭᠯᠡᠭᠰᠡᠨ ᠤ ᠳᠠᠷᠠᠭ᠎ᠠ ᠲᠡᠷᠭᠡᠨ ᠳᠤ | ᠰᠠᠭᠤᠭᠰᠠᠨ ᠬᠤᠪᠢ ᠬᠤᠷᠠᠮᠳᠤᠭᠤᠯᠵᠤ ᠪᠣᠯᠣᠨ᠎ᠠ᠃ ᠲᠠᠩᠰᠠ ᠲᠠᠶᠢᠯᠬᠤ ᠭᠡᠷᠡᠴᠢ ᠪᠠᠷᠢᠮᠲᠠ ᠠᠪᠬᠤ ᠴᠢᠬᠤᠯᠠᠲᠠᠢ | ᠠᠶᠠᠨᠴᠢᠳ ᠦᠢᠯᠡᠳᠬᠦᠨ ᠢ ᠡᠬᠢᠯᠡᠵᠦ ᠬᠡᠷᠡᠭᠯᠡᠭᠰᠡᠨ ᠡᠳᠦᠷ ᠠᠴᠠ ᠦᠢᠯᠡᠳᠬᠦᠨ ᠤ ᠬᠦᠴᠦᠨ ᠲᠠᠢ ᠬᠤᠭᠤᠴᠠᠭ᠎ᠠ | ᠳᠠᠭᠤᠰᠤᠭᠰᠠᠨ ᠤ ᠳᠠᠷᠠᠭ᠎ᠠ 180 ᠡᠳᠦᠷ ᠤᠨ ᠳᠣᠲᠣᠷ᠎ᠠ᠂ ᠦᠢᠯᠡᠳᠬᠦᠨ ᠬᠤᠳᠠᠯᠳᠤᠨ ᠠᠪᠬᠤ ᠦᠶ᠎ᠡ ᠳᠤ | ᠬᠡᠷᠡᠭᠯᠡᠭᠰᠡᠨ ᠲᠡᠷᠭᠡᠨ ᠳᠤ ᠰᠠᠭᠤᠭᠰᠠᠨ ᠬᠥᠮᠥᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ᠤᠨ ᠤᠭ | ᠭᠡᠷᠡᠴᠢ ᠪᠠᠷ ᠢᠶᠠᠨ ᠦᠢᠯᠡᠳᠬᠦᠨ ᠤ ᠲᠣᠭᠲᠠᠭᠠᠭᠰᠠᠨ ᠡᠬᠢᠯᠡᠬᠦ᠂ ᠬᠦᠷᠬᠦ ᠥᠷᠲᠡᠭᠡᠨ ᠤ ᠴᠣᠩᠬᠤᠨ ᠳᠤ ᠬᠦᠷᠴᠦ | ᠲᠠᠩᠰᠠ ᠲᠠᠶᠢᠯᠬᠤ ᠭᠡᠷᠡᠴᠢ ᠪᠠᠨ ᠰᠣᠯᠢᠵᠤ ᠪᠣᠯᠣᠨ᠎ᠠ᠃ | |