ᠰᠠᠶᠢᠬᠠᠨ ᠲᠣᠭᠤᠷᠢᠭ ᠤᠨ 2025 ᠣᠨ ᠤ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭᠠᠲᠠᠨ ᠤ ᠨᠡᠷᠡᠰ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2025/4/29
      ᠳᠠᠯᠠᠩ ᠬᠠᠰᠢᠯᠭ᠎ᠠ ᠶᠢᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠡᠳᠦᠭᠡ ᠰᠠᠶᠢᠬᠠᠨ ᠲᠣᠭᠤᠷᠢᠭ ᠤᠨ 2025 ᠣᠨ ᠤ ᠳᠠᠯᠠᠩ ︵ᠭᠤᠷᠪᠠᠳᠤᠭᠠᠷ ᠳᠡᠰ ᠠᠴᠠ ᠳᠡᠭᠡᠭᠰᠢ ᠪᠠᠭᠲᠠᠨ᠎ᠠ︶ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭᠠᠲᠠᠨ ᠤ ᠨᠡᠷᠡᠰ ᠢ ᠳᠣᠣᠷᠠᠬᠢ ᠮᠡᠲᠦ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠪᠡ᠃            ᠡᠯ᠎ᠡ ᠱᠠᠲᠤᠨ ᠤ ᠬᠠᠷᠢᠭᠤᠴᠠᠯᠭᠠᠲᠠᠨ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠪᠣᠯᠣᠨ ᠠᠶᠤᠯ ᠦᠭᠡᠢ ᠠᠵᠢᠯᠯᠠᠭᠠᠨ ᠤ ᠬᠠᠷᠢᠭᠤᠴᠠᠯᠭ᠎ᠠ ᠶᠢᠨ ᠳᠦᠷᠢᠮ  ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠬᠠᠷᠢᠭᠤᠴᠠᠯᠭ᠎ᠠ ᠡᠭᠦᠷᠭᠡᠯᠡᠭᠴᠢ ᠦᠶᠡᠷ ᠢ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠯᠡᠵᠦ᠂ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠯᠲᠠ ᠲᠠᠯᠪᠢᠬᠤ ᠶᠢ ᠬᠠᠷᠢᠭᠤᠴᠠᠨ᠂ ᠪᠠᠷᠢᠯᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠠᠮᠢᠶᠠᠷᠤᠯᠲᠠ ᠶᠢᠨ ᠨᠢᠭᠡᠴᠡ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠠᠷᠠᠴᠢᠯᠠᠨ ᠬᠠᠮᠠᠭᠠᠯᠠᠬᠤ ᠵᠡᠷᠭᠡ ᠠᠵᠢᠯ ᠢ ᠬᠡᠷᠡᠭᠵᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃                ᠬᠠᠷᠢᠭᠤᠴᠠᠯᠭ᠎ᠠ ᠡᠭᠦᠷᠦᠭᠴᠢ ᠨᠢ ᠬᠤᠪᠢᠷᠠᠯᠲᠠ ᠭᠠᠷᠪᠠᠯ 10 ᠡᠳᠦᠷ ᠤᠨ ᠳᠣᠲᠣᠷ᠎ᠠ ᠢᠯᠡ ᠨᠡᠶᠢᠲᠡᠯᠡᠬᠦ ᠫᠠᠶᠢᠰᠠ ᠶᠢ ᠰᠢᠨᠡᠳᠬᠡᠨ᠎ᠡ᠃ ᠣᠯᠠᠨ ᠨᠡᠶᠢᠲᠡ ᠶᠢᠨ ᠬᠢᠨᠠᠯᠲᠠ ᠶᠢ ᠤᠭᠲᠤᠵᠤ᠂ ᠬᠠᠰᠢᠯᠭ᠎ᠠ  ᠶᠢᠨ ᠠᠮᠤᠷ ᠲᠦᠪᠰᠢᠨ ᠢ ᠬᠠᠮᠲᠤᠪᠠᠷ ᠪᠠᠲᠤᠯᠠᠶ᠎ᠠ᠃                ᠳᠠᠭᠠᠯᠳᠤᠭᠤᠯᠤᠯ᠄ ᠰᠠᠶᠢᠬᠠᠨ ᠲᠣᠭᠤᠷᠢᠭ ᠤᠨ 2025 ᠣᠨ ᠤ ᠬᠠᠰᠢᠯᠭ᠎ᠠ ᠶᠢᠨ ᠰᠡᠷᠭᠡᠶᠢᠯᠡᠯᠲᠡ ︵3 ᠳ᠋ᠤᠭᠠᠷ ᠳᠡᠰ ᠠᠴᠠ ᠳᠡᠭᠡᠭᠰᠢ ᠪᠠᠭᠲᠠᠨ᠎ᠠ︶ ᠶᠢᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭᠠᠲᠠᠨ ᠤ ᠨᠡᠷᠡᠰ                                                                                   ᠰᠠᠶᠢᠬᠠᠨ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ                                                                                            2025 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ᠳᠠᠭᠠᠯᠳᠤᠭᠤᠯᠤᠯ᠄     1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ 3 ᠲᠠᠰ ︵ᠳᠡᠭᠡᠭᠰᠢ ᠪᠠᠭᠲᠠᠨ᠎ᠠ︶ ᠤᠨ ᠬᠠᠰᠢᠯᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠬᠥᠮᠥᠨ ᠤ ᠨᠡᠷᠡᠰ ︵ᠥᠯᠢᠭᠡᠷ ᠬᠦᠰᠦᠨᠦᠭᠲᠦ︶ 2᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠲᠣᠮᠣ ᠳᠤᠮᠳᠠ ᠬᠡᠯᠪᠡᠷᠢ ᠶᠢᠨ ᠤᠰᠤᠨ ᠬᠠᠭᠠᠯᠲᠠ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠤ ᠨᠡᠷᠡᠰ ︵ᠥᠯᠢᠭᠡᠷ ᠬᠦᠰᠦᠨᠦᠭᠲᠦ︶ ︵1︶᠂ xlsx  https://www.saihan.gov.cn/zwgk_new/zfxxgknew/fdzdgknr/tzgg/202504/t20250429_1883782.html      ᠢᠷᠡᠯᠲᠡ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号