| ︵ᠰᠤᠷᠪᠤᠯᠵᠢᠯᠠᠭᠴᠢ ᠢᠦᠢ ᠶᠠ ᠵᠢᠶᠦ᠋ᠨ︶ 3 ᠳ᠋ᠤᠭᠠᠷ ᠰᠠᠷ᠎ᠠ ᠶᠢᠨ 31 ᠤ ᠡᠳᠦᠷ᠂ ᠬᠥᠬᠡᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 8 ᠰᠠᠯᠠᠭ᠎ᠠ ᠮᠥᠴᠢᠷ ᠲᠠᠢ ᠬᠠᠮᠲᠤᠷᠠᠨ 2025 ᠣᠨ ᠤ | ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠬᠦ ᠵᠢᠴᠢ ᠡᠮ ᠤᠨ ᠵᠦᠢᠯ ᠤᠨ ᠮᠥᠷᠳᠡᠨ ᠪᠠᠶᠢᠴᠠᠭᠠᠬᠤ | ᠨᠣᠮᠧᠷ ᠢ ᠬᠡᠷᠡᠭᠯᠡᠨ ᠳᠠᠭᠠᠳᠬᠠᠯ ᠤᠨ ᠮᠡᠬᠡᠯᠡᠯ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ | ᠴᠣᠬᠢᠯᠲᠠ ᠥᠭᠬᠦ ᠲᠤᠰᠬᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ | ᠥᠪᠡᠷᠲᠡᠭᠡᠨ ᠵᠠᠰᠠᠬᠤ ᠣᠷᠣᠨ ᠤ 9 ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽2025 | ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠠᠳᠬᠠᠯ ᠤᠨ ᠮᠡᠬᠡᠯᠡᠯ ᠳᠤ ᠴᠢᠩᠭ᠎ᠠ ᠴᠣᠬᠢᠯᠲᠠ | ᠥᠭᠴᠦ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ ᠠᠵᠢᠯ ᠤᠨ ᠲᠥᠰᠥᠯ︾᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠠᠴᠠ ᠤᠯᠠᠮᠵᠢᠯᠠᠨ ᠲᠠᠷᠬᠠᠭᠠᠭᠰᠠᠨ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ | ︽ᠡᠮ ᠤᠨ ᠵᠦᠢᠯ ᠤᠨ ᠮᠥᠷᠳᠡᠨ ᠪᠠᠶᠢᠴᠠᠭᠠᠬᠤ ᠨᠣᠮᠧᠷ ᠢ ᠬᠡᠷᠡᠭᠯᠡᠨ ᠡᠮ ᠤᠨ ᠵᠦᠢᠯ ᠤᠨ ᠬᠦᠷᠢᠶᠡᠨ ᠳᠠᠬᠢ | ᠳᠠᠭᠠᠳᠬᠠᠯ ᠤᠨ ᠮᠡᠬᠡᠯᠡᠯ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ ᠴᠣᠬᠢᠯᠲᠠ ᠥᠭᠬᠦ ᠲᠤᠰᠬᠠᠢ | ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠵᠢᠴᠢ ︽ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠣᠪᠣᠶᠢᠮ᠎ᠠ | ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠬᠤ ᠲᠥᠰᠥᠯ︾ ᠤᠨ ᠵᠣᠷᠢᠭ ᠰᠠᠨᠠᠭ᠎ᠠ ᠶᠢ | ᠤᠯᠠᠮᠵᠢᠯᠠᠭᠰᠠᠨ ᠪᠥᠭᠡᠳ 2025 ᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ | ᠬᠠᠮᠢᠶᠠᠷᠤᠯᠲᠠ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠵᠢᠴᠢ | ᠡᠮ ᠤᠨ ᠵᠦᠢᠯ ᠤᠨ ᠮᠥᠷᠳᠡᠨ ᠪᠠᠶᠢᠴᠠᠭᠠᠬᠤ ᠨᠣᠮᠧᠷ ᠢ ᠬᠡᠷᠡᠭᠯᠡᠨ ᠡᠮ ᠤᠨ ᠵᠦᠢᠯ ᠤᠨ ᠬᠦᠷᠢᠶᠡᠨ ᠳᠠᠬᠢ | ᠳᠠᠭᠠᠳᠬᠠᠯ ᠤᠨ ᠮᠡᠬᠡᠯᠡᠯ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ ᠴᠣᠬᠢᠯᠲᠠ ᠥᠭᠬᠦ ᠲᠤᠰᠬᠠᠢ | ᠠᠵᠢᠯᠯᠠᠭ᠎ᠠ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠱᠠᠭᠠᠷᠳᠠᠭᠰᠠᠨ ᠨᠢ᠂ ᠪᠠᠶᠢᠴᠠᠭᠠᠯᠲᠠ ᠪᠠᠷ | ᠢᠯᠡᠷᠡᠭᠦᠯᠦᠭᠰᠡᠨ ᠠᠰᠠᠭᠤᠳᠠᠯ ᠤᠨ ᠨᠡᠬᠡᠮᠵᠢᠯᠡᠨ ᠠᠪᠴᠢᠷᠠᠬᠤ ᠶᠣᠰᠣᠲᠠᠢ ᠰᠠᠭᠤᠷᠢ ᠮᠥᠩᠭᠦ ᠶᠢ ᠡᠷᠡᠰ ᠨᠡᠬᠡᠮᠵᠢᠯᠡᠨ | ᠠᠪᠴᠢᠷᠠᠵᠤ᠂ ᠵᠠᠰᠠᠭ ᠵᠠᠬᠢᠷᠭᠠᠨ ᠤ ᠰᠢᠢᠳᠬᠡᠯ ᠥᠭᠬᠦ ᠶᠣᠰᠣᠲᠠᠢ ᠶᠢ ᠨᠢ ᠡᠷᠡᠰ ᠰᠢᠢᠳᠬᠡᠨ᠂ ᠬᠡᠯᠡᠯᠴᠡᠭᠡᠷ ᠢ ᠬᠦᠴᠦᠨ | ᠦᠭᠡᠢ ᠪᠣᠯᠭᠠᠬᠤ ᠶᠣᠰᠣᠲᠠᠢ ᠶᠢ ᠨᠢ ᠡᠷᠡᠰ ᠬᠦᠴᠦᠨ ᠦᠭᠡᠢ ᠪᠣᠯᠭᠠᠵᠤ᠂ ᠬᠠᠤᠯᠢ ᠲᠣᠭᠲᠠᠭᠠᠯ ᠶᠣᠰᠣᠭᠠᠷ ᠪᠣᠳᠠᠲᠠᠢ | ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠪᠠᠶᠢᠳᠠᠯ ᠨᠢ | ᠨᠡᠯᠢᠶᠡᠳ ᠬᠦᠨᠳᠦ ᠬᠡᠷᠡᠭ ᠲᠤ᠂ ᠡᠮᠴᠢᠯᠡᠭᠡ ᠶᠢᠨ ᠳᠠᠭᠠᠳᠬᠠᠯ ᠤᠨ ᠵᠠᠷᠤᠳᠠᠯ ᠥᠭᠬᠦ ᠬᠢᠷᠢ ᠭᠡᠮ ᠤᠨ ᠬᠠᠮᠢᠶᠠᠷᠤᠯᠲᠠ ᠶᠢᠨ | ᠳᠦᠷᠢᠮ ᠤᠨ ᠱᠠᠭᠠᠷᠳᠠᠯᠭ᠎ᠠ ᠶᠣᠰᠣᠭᠠᠷ᠂ ᠡᠮᠨᠡᠯᠭᠡ ᠶᠢᠨ ᠠᠵᠢᠯᠲᠠᠳ᠂ ᠬᠠᠮᠢᠶ᠎ᠠ ᠪᠦᠬᠦᠢ ᠬᠠᠷᠢᠭᠤᠴᠠᠯᠭ᠎ᠠ ᠲᠠᠢ | ᠬᠥᠮᠥᠰ ᠲᠤ ᠡᠮᠴᠢᠯᠡᠭᠡ ᠶᠢᠨ ᠳᠠᠭᠠᠳᠬᠠᠯ ᠤᠨ ᠵᠠᠷᠤᠳᠠᠯ ᠥᠭᠬᠦ ᠬᠢᠷᠢ ᠭᠡᠮ ᠤᠨ ᠬᠤᠪᠢ ᠲᠡᠮᠳᠡᠭᠯᠡᠬᠦ ᠬᠠᠮᠢᠶᠠᠷᠤᠯᠲᠠ | ᠬᠢᠬᠦ ᠬᠡᠷᠡᠭᠲᠡᠢ ᠭᠡᠵᠡᠢ᠃ | |