ᠬᠠᠮᠤᠭ ᠤᠨ ᠰᠢᠨ᠎ᠡ ᠤᠯᠤᠰ ᠤᠨ ᠪᠠᠷᠢᠮᠵᠢᠶ᠎ᠠ ᠶᠢ ᠨᠡᠶᠢᠳᠡᠯᠡᠵᠠᠢ
ᠨᠡᠶᠢᠲᠡᠯᠡᠭᠰᠡᠨ ᠴᠠᠭ᠄
2025/4/3
      ᠠᠷᠠᠳ ᠣᠯᠠᠨ ᠤ ᠣᠷᠣᠨ ᠰᠠᠭᠤᠴᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠴᠡᠭᠡ ᠳᠤ ᠵᠣᠬᠢᠴᠠᠭᠤᠯᠬᠤ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ 3 ᠰᠠᠷ᠎ᠠ ᠶᠢᠨ 31 ᠤ ᠡᠳᠦᠷ ᠤᠯᠤᠰ ᠤᠨ ᠪᠠᠷᠢᠮᠵᠢᠶ᠎ᠠ ᠪᠣᠯᠬᠤ ︽ᠣᠷᠣᠨ ᠰᠠᠭᠤᠴᠠ ᠶᠢᠨ ᠲᠥᠷᠥᠯ ᠵᠦᠢᠯ ᠤᠨ ᠵᠢᠷᠤᠮᠵᠢᠯ︾ ᠢ ᠨᠡᠶᠢᠳᠡᠯᠡᠪᠡ᠃ ᠰᠢᠨ᠎ᠡ ᠵᠢᠷᠤᠮᠵᠢᠯ ᠨᠢ ᠣᠷᠣᠨ ᠰᠠᠭᠤᠴᠠ ᠶᠢᠨ ᠲᠥᠷᠥᠯ ᠵᠦᠢᠯ ᠤᠨ ᠪᠦᠬᠦᠯᠢ ᠴᠣᠭᠴᠠ ᠪᠠᠷ ᠡᠲᠡᠭᠡᠳ ᠪᠣᠯᠭᠠᠵᠤ᠂ ᠠᠮᠤᠷ ᠲᠦᠪᠰᠢᠨ᠂ ᠲᠠᠭᠠᠯᠠᠮᠵᠢᠲᠠᠢ᠂ ᠪᠤᠬᠢᠷᠲᠠᠯ ᠦᠭᠡᠢ᠂ ᠣᠶᠤᠨᠴᠢ ᠪᠣᠯᠭᠠᠬᠤ ᠪᠠᠷ ᠬᠠᠷᠠᠯᠲᠠ ᠪᠣᠯᠭᠠᠵᠤ᠂ ᠬᠡᠪᠴᠢᠶ᠎ᠡ᠂ ᠪᠠᠶᠢᠷᠢᠯᠠᠭᠤᠯᠤᠯᠲᠠ᠂ ᠦᠢᠯᠡᠳᠦᠯ᠂ ᠴᠢᠳᠠᠮᠵᠢ ᠪᠠ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠣᠷᠣᠨ ᠰᠠᠭᠤᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠡᠷᠡᠭᠯᠡᠯᠲᠡ ᠪᠠ ᠬᠠᠮᠠᠭᠠᠯᠠᠯᠲᠠ ᠳᠤ ᠲᠣᠭᠲᠠᠭᠠᠯ ᠭᠠᠷᠭᠠᠪᠠ᠃ ᠰᠢᠨ᠎ᠡ ᠵᠢᠷᠤᠮᠵᠢᠯ ᠳᠤ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠳᠠᠪᠬᠤᠷᠭ᠎ᠠ ᠶᠢᠨ ᠥᠨᠳᠥᠷ ᠢ 3 ᠮᠧᠲᠷ ᠠᠴᠠ ᠳᠣᠣᠷ᠎ᠠ ᠪᠠᠶᠢᠯᠭᠠᠬᠤ ᠦᠭᠡᠢ᠂ 4 ᠳᠠᠪᠬᠤᠷᠭ᠎ᠠ ᠵᠢᠴᠢ 4 ᠳᠠᠪᠬᠤᠷᠭ᠎ᠠ ᠠᠴᠠ ᠳᠡᠭᠡᠭᠰᠢᠬᠢ ᠣᠷᠣᠨ ᠰᠠᠭᠤᠴᠠ ᠳᠤ ᠴᠠᠬᠢᠯᠭᠠᠨ ᠱᠠᠲᠤ ᠲᠣᠬᠢᠷᠠᠭᠤᠯᠬᠤ︔ ᠬᠡᠷᠡᠮ ᠪᠠ ᠠᠰᠠᠷ ᠤᠨ ᠬᠠᠪᠲᠠᠰᠤ ᠶᠢᠨ ᠳᠠᠭᠤ ᠬᠠᠯᠬᠠᠯᠠᠬᠤ ᠴᠢᠳᠠᠪᠤᠷᠢ ᠶᠢ ᠳᠡᠭᠡᠭᠰᠢᠯᠡᠭᠦᠯᠬᠦ ︔ ᠭᠡᠷ ᠤᠨ ᠡᠭᠦᠳᠡ᠂ ᠵᠣᠷᠯᠤᠩ ᠤᠨ ᠡᠭᠦᠳᠡ ᠶᠢᠨ ᠨᠡᠪᠲᠡᠷᠡᠬᠦ ᠴᠡᠪᠡᠷ ᠥᠷᠭᠡᠨ ᠤ ᠬᠡᠮᠵᠢᠶ᠎ᠡ ᠶᠢ ᠳᠡᠭᠡᠭᠰᠢᠯᠡᠭᠦᠯᠬᠦ︔ ᠨᠡᠷᠡᠪᠴᠢ ᠵᠡᠷᠭᠡ ᠠᠰᠠᠷ ᠤᠨ ᠭᠠᠳᠠᠨᠠᠬᠢ ᠠᠭᠠᠷ ᠲᠠᠢ ᠬᠠᠪᠢᠲᠤᠭᠰᠠᠨ ᠬᠠᠰᠢᠯᠭ᠎ᠠ ᠶᠢᠨ ᠥᠨᠳᠥᠷ ᠤᠨ ᠬᠡᠮᠵᠢᠶ᠎ᠡ ᠶᠢ ᠳᠡᠭᠡᠭᠰᠢᠯᠡᠭᠦᠯᠬᠦ︔ ᠣᠯᠠᠨ ᠨᠡᠶᠢᠲᠡ ᠶᠢᠨ ᠰᠢᠯᠵᠢᠮᠡᠯ ᠬᠤᠯᠪᠣᠭᠠᠨ ᠤ ᠲᠣᠬᠢᠶ᠎ᠠ ᠶᠢ ᠣᠯᠠᠨ ᠨᠡᠶᠢᠲᠡ ᠶᠢᠨ ᠣᠷᠣᠨ ᠵᠠᠢ ᠪᠠ ᠴᠠᠬᠢᠯᠭᠠᠨ ᠱᠠᠲᠤ ᠶᠢᠨ ᠰᠡᠤᠬᠡ ᠳᠣᠲᠣᠷ᠎ᠠ ᠬᠦᠷᠲᠡᠯ᠎ᠡ ᠪᠦᠷᠬᠦᠭᠦᠯᠬᠦ︔ ᠲᠣᠬᠢᠷᠠᠭᠤᠯᠤᠭᠴᠢ ᠶᠢᠨ ᠭᠡᠷ ᠤᠨ ᠭᠠᠳᠠᠨᠠᠬᠢ ᠮᠠᠰᠢᠨ ᠢ ᠲᠤᠰᠬᠠᠢ ᠭᠠᠵᠠᠷ ᠤᠭᠰᠠᠷᠠᠬᠤ︔ ᠠᠳᠠᠯᠢ ᠪᠤᠰᠤ ᠠᠭᠤᠷ ᠠᠮᠢᠰᠬᠤᠯ ᠤᠨ ᠣᠷᠣᠨ ᠤ ᠳᠤᠯᠠᠭᠠᠯᠠᠭ᠎ᠠ᠂ ᠠᠭᠠᠷ ᠲᠣᠬᠢᠷᠠᠭᠤᠯᠤᠭᠴᠢ ᠶᠢᠨ ᠲᠥᠬᠦᠭᠡᠷᠡᠮᠵᠢ ᠶᠢ ᠲᠣᠬᠢᠷᠠᠭᠤᠯᠬᠤ ᠵᠡᠷᠭᠡ ᠱᠠᠭᠠᠷᠳᠠᠯᠭ᠎ᠠ ᠶᠢ ᠲᠣᠭᠲᠠᠭᠠᠪᠠ᠃ ᠰᠢᠨ᠎ᠡ ᠵᠢᠷᠤᠮᠵᠢᠯ ᠢ ᠡᠨᠡ ᠵᠢᠯ ᠤᠨ 5 ᠰᠠᠷ᠎ᠠ ᠶᠢᠨ 1 ᠤ ᠡᠳᠦᠷ ᠠᠴᠠ ᠡᠬᠢᠯᠡᠵᠤ ᠬᠡᠷᠡᠭᠵᠢᠭᠦᠯᠬᠦ ᠪᠣᠯᠣᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠬᠡᠯᠡᠬᠦ ᠳᠡᠭᠡᠨ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠪᠠ ᠪᠠᠷᠢᠯᠭ᠎ᠠ ᠶᠢᠨ ᠮᠡᠷᠭᠡᠵᠢᠯ ᠤᠨ ᠬᠥᠭᠵᠢᠯᠲᠡ ᠶᠢᠨ ᠬᠢᠷᠢ ᠲᠦᠪᠰᠢᠨ ᠴᠥᠮ ᠨᠡᠯᠢᠶᠡᠳ ᠶᠡᠭᠡ ᠳᠡᠭᠡᠭᠰᠢᠯᠡᠯᠲᠡ ᠲᠠᠢ ᠪᠣᠯᠵᠤ᠂ ᠣᠷᠣᠨ ᠰᠠᠭᠤᠴᠠ ᠶᠢᠨ ᠶᠠᠰᠤ ᠴᠢᠨᠠᠷ ᠤᠨ ᠳᠡᠭᠡᠭᠰᠢᠯᠡᠯᠲᠡ ᠳᠤ ᠨᠡᠩ ᠥᠨᠳᠥᠷ ᠱᠠᠭᠠᠷᠳᠠᠯᠭ᠎ᠠ ᠲᠠᠢ ᠪᠣᠯᠪᠠ᠃ ᠰᠢᠨ᠎ᠡ ᠵᠢᠷᠤᠮᠵᠢᠯ ᠨᠢ ᠮᠠᠨ ᠤ ᠤᠯᠤᠰ ᠤᠨ ᠣᠶᠢᠷ᠎ᠠ ᠶᠢᠨ ᠵᠢᠯ ᠤᠨ ᠲᠤᠷᠰᠢᠬᠢ ᠣᠷᠣᠨ ᠰᠠᠭᠤᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠳᠤᠯᠭ᠎ᠠ ᠲᠠᠢ ᠤᠶᠠᠯᠳᠤᠭᠤᠯᠤᠨ᠂ ᠣᠳᠣ ᠶᠢᠨ ᠬᠡᠷᠡᠭ᠌ᠵᠢᠭᠦᠯᠵᠤ ᠪᠠᠶᠢᠭ᠎ᠠ ᠣᠷᠣᠨ ᠰᠠᠭᠤᠴᠠ ᠶᠢᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ ᠵᠢᠱᠢᠭᠰᠡᠨ ᠰᠠᠭᠤᠷᠢᠨ ᠳᠡᠭᠡᠷ᠎ᠡ ᠥᠷᠭᠡᠨ ᠢᠶᠠᠷ ᠰᠠᠨᠠᠯ ᠬᠤᠷᠢᠶᠠᠬᠤ ᠪᠠ ᠭᠦᠢᠴᠡᠳ ᠨᠤᠲᠠᠯᠠᠯᠲᠠ ᠬᠢᠬᠦ ᠪᠠᠷ ᠳᠠᠮᠵᠢᠨ᠂ ᠣᠷᠣᠨ ᠰᠠᠭᠤᠴᠠ ᠶᠢᠨ ᠲᠥᠷᠥᠯ ᠵᠦᠢᠯ ᠤᠨ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠳᠤᠷᠠᠳᠴᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠴᠢᠨᠠᠷ ᠰᠠᠶᠢᠲᠠᠢ ᠬᠥᠭᠵᠢᠯᠲᠡ ᠶᠢ ᠨᠡᠩ ᠬᠦᠴᠦᠲᠠᠢ ᠲᠤᠯᠭᠠᠭᠤᠷᠢᠯᠠᠬᠤ ᠪᠣᠯᠣᠨ᠎ᠠ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠤ ᠮᠣᠩᠭᠤᠯ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号