| | 2025 ᠣᠨ ᠤ 3 ᠳ᠋ᠤᠭᠠᠷ ᠰᠠᠷ᠎ᠠ ᠶᠢᠨ 28 ᠤ ᠡᠳᠦᠷ | | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ | | 1 | | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ | ᠣᠷᠣᠨ ᠤ ᠪᠦ᠋ᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ | | ᠬᠤᠷᠠᠯᠳᠤᠭᠠᠨ ᠢᠶᠠᠷ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠬᠤᠷᠳᠤᠴᠠ | ᠲᠦᠷᠭᠡᠨ᠂ ᠳᠠᠯᠳᠠ ᠬᠦᠴᠦᠨ ᠶᠡᠭᠡ᠂ ᠳᠠᠶᠢᠴᠢᠯᠠᠬᠤ ᠦᠢᠯᠡᠳᠦᠯ ᠴᠢᠩᠭ᠎ᠠ ᠪᠠᠶᠢᠵᠤ᠂ ᠮᠠᠨ ᠤ ᠤᠯᠤᠰ ᠤᠨ ᠭᠠᠳᠠᠭᠠᠳᠤ | ᠠᠷᠠᠯᠵᠢᠶᠠᠨ ᠤ ᠬᠥᠭᠵᠢᠯᠲᠡ ᠶᠢᠨ ᠴᠢᠬᠤᠯᠠ ᠬᠦᠴᠦᠨ ᠪᠣᠯᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | | ᠰᠢᠨ᠎ᠡ ᠨᠢᠭᠡ ᠡᠭᠡᠯᠵᠢ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ | ᠲᠤᠷᠰᠢᠯᠲᠠ ᠶᠢᠨ ᠣᠷᠣᠨ ᠤ ᠬᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠬᠢᠵᠦ᠂ ᠬᠠᠮᠤᠷᠬᠤ ᠬᠡᠪᠴᠢᠶ᠎ᠡ ᠶᠢ ᠤᠯᠠᠮ ᠨᠢᠭᠡ | ᠠᠯᠬᠤᠮ ᠥᠷᠭᠡᠳᠬᠡᠨ᠎ᠡ᠃ | | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢᠨ ᠲᠡᠰ ᠳᠡᠪᠰᠢᠭᠦᠯᠬᠦ ᠶᠢ ᠠᠬᠢᠭᠤᠯᠵᠤ᠂ ᠪᠣᠭᠤᠮᠲᠠ ᠪᠠᠷ ᠥᠩᠭᠡᠷᠡᠬᠦ᠂ ᠭᠠᠶᠢᠯᠢ ᠶᠢᠨ ᠶᠠᠪᠤᠳᠠᠯ᠂ | ᠭᠠᠳᠠᠭᠠᠳᠤ ᠭᠤᠪᠢᠭᠤᠯᠭ᠎ᠠ᠂ ᠳ᠋ᠠᠶᠢᠲ᠋ᠠ ᠶᠢᠨ ᠭᠦᠢᠯᠭᠡᠭᠡ ᠵᠡᠷᠭᠡ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ | ᠠᠬᠢᠭᠤᠯᠤᠨ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠶᠢ ᠳᠡᠮᠵᠢᠬᠦ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ | ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠢ ᠬᠠᠪᠰᠤᠷᠴᠤ ᠪᠠᠶᠢᠭᠠᠳ ᠵᠠᠬ᠎ᠠ ᠳᠡᠯᠭᠡᠭᠦᠷ ᠢ ᠥᠷᠭᠡᠳᠬᠡᠨ᠂ ᠲᠦᠷᠦᠯ ᠲᠡᠮᠳᠡᠭ ᠢ | ᠪᠤᠢ ᠪᠣᠯᠭᠠᠵᠤ᠂ ᠨᠡᠩ ᠰᠠᠶᠢᠲᠤᠷ ᠬᠥᠭᠵᠢᠭᠦᠯᠦᠨ᠎ᠡ᠃ | | 2 | | ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠲᠦᠷᠭᠡᠪᠴᠢᠯᠡᠨ ᠬᠦᠴᠦ ᠭᠠᠷᠭᠠᠵᠤ | ᠢᠯᠭᠠᠷᠠᠭᠤᠯᠤᠨ ᠲᠢᠭᠯᠡᠬᠦ ᠠᠵᠢᠯ ᠢ ᠪᠠᠶᠢᠷᠢᠯᠠᠭᠤᠯᠪᠠ | | ᠬᠤᠷᠠᠯᠳᠤᠭᠠᠨ ᠢᠶᠠᠷ ︽ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠲᠦᠷᠭᠡᠪᠴᠢᠯᠡᠨ | ᠬᠦᠴᠦ ᠭᠠᠷᠭᠠᠵᠤ ᠢᠯᠭᠠᠷᠠᠭᠤᠯᠤᠨ ᠲᠢᠭᠯᠡᠬᠦ ᠠᠵᠢᠯᠯᠠᠭᠠᠨ ᠤ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ | | ᠬᠤᠷᠠᠯᠳᠤᠭᠠᠨ ᠢᠶᠠᠷ ᠴᠢᠬᠤᠯᠠᠴᠢᠯᠠᠭᠰᠠᠨ ᠨᠢ᠂ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠣᠭᠲᠠᠴᠠ ᠶᠢ | ᠪᠦᠷᠢᠨᠰᠢᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠦᠨ᠂ ᠡᠬᠢ ᠡᠭᠦᠰᠦᠯ ᠠᠴᠠ ᠨᠢ | ᠵᠠᠰᠠᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠥᠷᠢ ᠰᠢᠷᠢ ᠶᠢ ᠢᠯᠭᠠᠷᠠᠭᠤᠯᠬᠤ | ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠨ᠂ ᠥᠷᠢ ᠰᠢᠷᠢ ᠶᠢᠨ ᠰᠢᠨ᠎ᠡ ᠪᠠᠷ ᠨᠡᠮᠡᠭᠳᠡᠬᠦ ᠶᠢ ᠡᠷᠡᠰ | ᠬᠤᠷᠢᠭᠯᠠᠨ᠎ᠠ ᠭᠡᠵᠡᠢ᠃ | | 3 | | ᠲᠠᠷᠢᠶᠠᠯᠠᠩ ᠤᠨ ᠮᠠᠰᠢᠨ ᠲᠣᠨᠣᠭᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ | ᠪᠦᠬᠦᠢ ᠠᠷᠭ᠎ᠠ ᠬᠡᠮᠵᠢᠶ᠎ᠡ ᠶᠢ ᠰᠤᠳᠤᠯᠪᠠ | | ᠬᠤᠷᠠᠯᠳᠤᠭᠠᠨ ᠢᠶᠠᠷ᠂ ᠲᠠᠷᠢᠶᠠᠯᠠᠩ ᠤᠨ ᠮᠠᠰᠢᠨ ᠲᠣᠨᠣᠭᠯᠠᠯ ᠪᠣᠯ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠲᠤᠯᠭᠠᠭᠤᠷᠢᠯᠠᠯ | ᠪᠣᠯᠣᠨ᠎ᠠ ᠭᠡᠵᠦ ᠵᠢᠭᠠᠵᠤ ᠭᠠᠷᠭᠠᠪᠠ᠃ | | ᠲᠠᠷᠢᠶᠠᠯᠠᠩ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠬᠤ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠤ | ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠨ᠂ ᠰᠠᠭᠤᠷᠢ ᠮᠡᠷᠭᠡᠵᠢᠯ ᠳᠤ ᠰᠢᠪᠲᠤᠯᠤᠯᠲᠠ ᠭᠠᠷᠭᠠᠬᠤ᠂ ᠰᠢᠨ᠎ᠡ ᠶᠢ ᠡᠭᠦᠳᠬᠦ | ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠰᠢᠯᠢᠳᠡᠭ ᠠᠵᠤ ᠠᠬᠤᠶᠢᠯᠠᠯ ᠢ ᠪᠣᠶᠢᠵᠢᠭᠤᠯᠬᠤ᠂ ᠠᠵᠤ ᠦᠢᠯᠡᠰ ᠤᠨ ᠪᠦᠯᠦᠭᠵᠢᠯ ᠢ | ᠪᠤᠢ ᠪᠣᠯᠭᠠᠬᠤ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠡᠯᠭᠡ ᠲᠡᠮᠳᠡᠭ ᠤᠨ ᠴᠢᠨᠠᠷᠲᠠᠢ | ᠦᠢᠯᠡᠳᠬᠦᠨ ᠢ ᠰᠤᠳᠤᠯᠤᠨ ᠦᠢᠯᠡᠳᠬᠦ ᠪᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠲᠦᠷᠭᠡᠳᠬᠡᠨ᠎ᠡ᠃ | | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠯᠲᠡ ᠶᠢᠨ ᠨᠡᠮᠡᠭᠦᠷᠢ᠂ ᠶᠡᠭᠡ ᠬᠡᠪᠴᠢᠶᠡᠨ ᠤ | ᠲᠥᠬᠦᠭᠡᠷᠦᠮᠵᠢ ᠶᠢ ᠰᠢᠨᠡᠳᠬᠡᠬᠦ ᠵᠡᠷᠭᠡ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠭᠦᠢᠴᠡᠳ ᠬᠡᠷᠡᠭᠯᠡᠵᠦ᠂ | ᠵᠠᠪᠰᠠᠷ ᠤᠨ ᠲᠤᠷᠰᠢᠯᠲᠠ ᠶᠢᠨ ᠰᠢᠯᠭᠠᠨ ᠪᠠᠲᠤᠯᠠᠯᠲᠠ ᠪᠠ ᠪᠣᠯᠪᠠᠰᠤᠷᠠᠩᠭᠤᠢ ᠬᠡᠷᠡᠭᠯᠡᠯᠲᠡ ᠶᠢ ᠴᠢᠩᠭᠠᠳᠬᠠᠨ᠂ ᠲᠡᠷᠢᠭᠦᠨ ᠤ | ᠪᠥᠭᠡᠳ ᠲᠣᠬᠢᠷᠠᠯᠴᠠᠭᠰᠠᠨ ᠲᠠᠷᠢᠶᠠᠯᠠᠩ ᠤᠨ ᠮᠠᠰᠢᠨ ᠲᠣᠨᠣᠭᠯᠠᠯ ᠤᠨ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢ | ᠠᠬᠢᠭᠤᠯᠤᠨ᠎ᠠ᠃ | | ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠬᠢᠨᠠᠨ ᠲᠣᠭᠲᠠᠭᠠᠵᠤ ᠪᠠᠶᠢᠴᠠᠭᠠᠨ | ᠰᠢᠯᠭᠠᠵᠤ ᠭᠡᠷᠡᠴᠢᠯᠡᠬᠦ ᠠᠵᠢᠯ ᠢ ᠰᠠᠶᠢᠲᠤᠷ ᠬᠢᠵᠦ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠲᠠᠷᠢᠶᠠᠯᠠᠩ ᠤᠨ ᠮᠠᠰᠢᠨ ᠲᠣᠨᠣᠭᠯᠠᠯ ᠤᠨ ᠦᠢᠯᠡᠳᠬᠦᠨ ᠤ ᠲᠦᠷᠭᠡᠬᠡᠨ ᠲᠠᠰ ᠳᠡᠪᠰᠢᠬᠦ ᠶᠢ ᠨᠢ ᠠᠬᠢᠭᠤᠯᠤᠨ᠎ᠠ᠃ | | 4 | | ︽ᠬᠢᠯᠢ ᠶᠢᠨ ᠪᠣᠭᠤᠮᠲᠠ ᠶᠢᠨ ᠨᠡᠭᠡᠭᠡᠯᠲᠡᠲᠡᠢ ᠪᠠᠶᠢᠷᠢᠰᠢᠯ ᠢ ᠰᠢᠯᠢᠳᠡᠭᠵᠢᠭᠦᠯᠬᠦ ᠲᠤᠬᠠᠢ ᠰᠠᠨᠠᠯ ᠤᠳ︾ ᠢ ᠬᠢᠨᠠᠨ | ᠵᠥᠪᠯᠡᠵᠦ ᠪᠠᠲᠤᠯᠠᠪᠠ | | ᠬᠤᠷᠠᠯᠳᠤᠭᠠᠨ ᠢᠶᠠᠷ᠂ ᠬᠢᠯᠢ ᠶᠢᠨ ᠪᠣᠭᠤᠮᠲᠠ ᠶᠢᠨ ᠨᠡᠭᠡᠭᠡᠯᠲᠡᠲᠡᠢ ᠪᠠᠶᠢᠷᠢᠰᠢᠯ ᠢ ᠰᠢᠯᠢᠳᠡᠭᠵᠢᠭᠦᠯᠬᠦ ᠪᠣᠯ ᠴᠢᠨᠠᠷ | ᠰᠠᠶᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ ᠨᠡᠭᠡᠭᠡᠯᠲᠡ ᠶᠢ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ | ᠭᠡᠵᠦ ᠵᠢᠭᠠᠵᠤ ᠭᠠᠷᠭᠠᠵᠠᠢ᠃ | | ᠪᠠᠶᠢᠷᠢ ᠲᠣᠭᠲᠠᠭᠠᠯᠲᠠ ᠨᠢ ᠲᠣᠳᠣᠷᠬᠠᠢ᠂ ᠴᠢᠳᠠᠮᠵᠢ ᠨᠢ ᠬᠠᠷᠢᠯᠴᠠᠨ ᠨᠥᠬᠦᠪᠦᠷᠢᠯᠡᠭᠰᠡᠨ ᠳᠠᠯᠠᠶ ᠳᠠᠭᠠᠤ᠂ ᠬᠢᠯᠢ | ᠬᠢᠵᠠᠭᠠᠷ᠂ ᠠᠭᠠᠷ ᠠᠶᠠᠯᠠᠯ᠂ ᠳᠣᠲᠣᠭᠠᠳᠤ ᠭᠤᠣᠯ ᠮᠥᠷᠡᠨ ᠤ ᠬᠢᠯᠢ ᠶᠢᠨ ᠪᠣᠭᠤᠮᠲᠠ ᠶᠢ ᠪᠤᠶ ᠪᠣᠯᠭᠠᠵᠤ᠂ ᠭᠤᠣᠯᠳᠠᠯᠭ᠎ᠠ ᠪᠣᠯᠬᠤ | ᠬᠦᠢᠰᠦ ᠪᠠ ᠣᠷᠣᠨ ᠪᠦᠰᠡ ᠶᠢᠨ ᠵᠠᠩᠭᠢᠯᠠᠭ᠎ᠠ ᠴᠡᠭ ᠤᠨ ᠬᠢᠯᠢ ᠶᠢᠨ ᠪᠣᠭᠤᠮᠲᠠ ᠶᠢ ᠲᠦᠷᠭᠡᠳᠬᠡᠨ ᠪᠦᠲᠦᠭᠡᠨ ᠪᠠᠶᠢᠭᠤᠯᠵᠤ᠂ | ᠬᠢᠯᠢ ᠶᠢᠨ ᠪᠣᠭᠤᠮᠲᠠ ᠶᠢᠨ ᠴᠢᠳᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠂ ᠲᠤᠰᠬᠠᠶᠢᠵᠢᠭᠰᠠᠨ | ᠬᠢᠯᠢ ᠶᠢᠨ ᠪᠣᠭᠤᠮᠲᠠ ᠶᠢᠨ ᠴᠢᠳᠠᠮᠵᠢ ᠶᠢ ᠥᠷᠭᠡᠳᠬᠡᠵᠦ᠂ ᠡᠷᠴᠢᠮᠵᠢᠭᠦᠯᠦᠭᠰᠡᠨ ᠣᠶᠤᠨᠴᠢ ᠬᠢᠯᠢ ᠶᠢᠨ ᠪᠣᠭᠤᠮᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠢᠯᠢ ᠶᠢᠨ ᠪᠣᠭᠤᠮᠲᠠ ᠪᠠᠷ ᠥᠩᠭᠡᠷᠡᠬᠦ ᠲᠥᠬᠦᠮ ᠤᠨ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠬᠢᠯᠢ ᠶᠢᠨ ᠪᠣᠭᠤᠮᠲᠠ ᠶᠢᠨ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ | ᠠᠮᠤᠷ ᠲᠦᠪᠰᠢᠨ ᠤ ᠦᠷ᠎ᠡ ᠠᠰᠢᠭ ᠢ ᠪᠥᠬᠦ ᠲᠠᠯ᠎ᠠ ᠪᠠᠷ ᠨᠡᠮᠡᠭᠳᠡᠭᠦᠯᠦᠨ᠂ ᠬᠢᠯᠢ ᠶᠢᠨ ᠪᠣᠭᠤᠮᠲᠠ ᠶᠢᠨ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠠᠩ ᠶᠡᠭᠡ ᠦᠢᠯᠡᠳᠦᠯ ᠪᠠᠳᠠᠷᠠᠭᠤᠯᠬᠤ ᠶᠢ ᠠᠬᠢᠭᠤᠯᠤᠨ᠎ᠠ᠃ |