| ᠯᠢ ᠴᠢᠶᠠᠩ ᠪᠣᠯᠣᠨ ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ | ᠶᠠᠪᠤᠭᠤᠯᠵᠠᠢ | | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 1 ᠤ ᠴᠠᠬᠢᠯᠭᠠᠨ ᠮᠡᠳᠡᠭᠡ 4 ᠰᠠᠷ᠎ᠠ ᠶᠢᠨ 1 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠡᠨᠡᠳᠬᠡᠭ ᠤᠨ ᠶᠡᠷᠦᠩᠬᠡᠶᠢᠯᠡᠭᠴᠢ ᠮᠥᠸᠧᠷᠮᠦ᠋ ᠬᠠᠷᠢᠯᠴᠠᠨ ᠪᠠᠶᠠᠷ ᠤᠨ | ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢ ᠪᠡᠯᠭᠡᠯᠡᠪᠡ᠃ | | ᠰᠢ ᠶᠢᠨ ᠫᠢᠩ᠂ ᠳᠤᠮᠳᠠᠳᠤ ᠤᠯᠤᠰ ᠪᠣᠯᠣᠨ ᠡᠨᠡᠳᠬᠡᠭ ᠴᠥᠮ ᠡᠷᠲᠡᠨ ᠤ ᠪᠣᠯᠪᠠᠰᠤᠨ ᠤᠯᠤᠰ᠂ ᠬᠥᠭᠵᠢᠵᠦ ᠪᠠᠶᠢᠭ᠎ᠠ | ᠲᠣᠮᠣ ᠤᠯᠤᠰ ᠮᠥᠨ᠂ ︽ᠪᠦᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠤᠨ ᠴᠢᠬᠤᠯᠠ ᠪᠦᠷᠢᠯᠳᠦᠭᠦᠨ ᠮᠥᠨ | ᠪᠠᠶᠢᠵᠤ᠂ ᠪᠦᠷ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠰᠢᠵᠤ ᠪᠠᠶᠢᠨ᠎ᠠ᠃ ᠬᠠᠷᠢᠯᠴᠠᠨ ᠳᠡᠮᠵᠢᠯᠴᠡᠵᠦ ᠠᠮᠵᠢᠯᠲᠠ ᠪᠦᠲᠦᠮᠵᠢ ᠣᠯᠬᠤ ᠬᠠᠨᠢᠲᠠᠨ ᠪᠣᠯᠵᠤ᠂ | ︽ᠯᠣᠣ ᠵᠠᠭᠠᠨ ᠬᠠᠮᠲᠤ ᠪᠠᠷ ᠪᠥᠵᠢᠭᠯᠡᠬᠦ︾ ᠶᠢ ᠪᠡᠶᠡᠯᠡᠭᠦᠯᠬᠦ ᠪᠣᠯ ᠬᠤᠶᠠᠷ ᠲᠠᠯ᠎ᠠ ᠶᠢᠨ ᠵᠥᠪ ᠰᠣᠩᠭᠤᠯᠲᠠ ᠮᠥᠨ᠂ ᠬᠤᠶᠠᠷ | ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠪᠦᠷᠢᠮᠦᠰᠦᠨ ᠨᠡᠶᠢᠴᠡᠨ᠎ᠡ | ᠭᠡᠳᠡᠭ ᠢ ᠳᠤᠮᠳᠠᠳᠤ ᠡᠨᠡᠳᠬᠡᠭ ᠤᠨ ᠬᠠᠷᠢᠯᠴᠠᠭᠠᠨ ᠤ ᠬᠥᠭᠵᠢᠯᠲᠡ ᠶᠢᠨ ᠶᠠᠪᠤᠴᠠ ᠬᠠᠷᠠᠭᠤᠯᠵᠤ ᠪᠠᠶᠢᠨ᠎ᠠ᠃ ᠬᠤᠶᠠᠷ | ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ | ᠡᠨᠡᠳᠬᠡᠭ ᠤᠨ ᠬᠠᠷᠢᠯᠴᠠᠭ᠎ᠠ ᠳᠤ ᠬᠠᠨᠳᠤᠬᠤ ᠪᠠ ᠲᠡᠭᠦᠨ ᠢ ᠰᠢᠢᠳᠪᠦᠷᠢᠯᠡᠵᠦ᠂ ᠬᠥᠷᠰᠢ ᠵᠡᠷᠭᠡᠯᠡᠳᠡᠭᠡ ᠲᠣᠮᠣ ᠤᠯᠤᠰ ᠤᠨ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠷᠢᠯᠴᠠᠨ ᠢᠲᠡᠭᠡᠯᠴᠡᠵᠦ ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ ᠬᠥᠭᠵᠢᠬᠦ | ᠬᠠᠷᠢᠯᠴᠠᠭᠠᠨ ᠤ ᠵᠠᠮ ᠢ ᠬᠠᠮᠲᠤ ᠪᠠᠷ ᠰᠦᠪᠡᠭᠴᠢᠯᠡᠵᠦ᠂ ᠳᠡᠯᠡᠬᠡᠢ ᠶᠢᠨ ᠤᠯᠠᠨ ᠲᠦᠢᠯᠵᠢᠯᠲᠡ ᠪᠣᠯᠣᠨ ᠤᠯᠠᠨ ᠤᠯᠤᠰ ᠤᠨ | ᠬᠠᠷᠢᠯᠴᠠᠭᠠᠨ ᠤ ᠠᠷᠠᠳᠴᠢᠯᠠᠯ ᠢ ᠬᠠᠮᠲᠤ ᠪᠠᠷ ᠠᠬᠢᠭᠤᠯᠪᠠᠯ ᠵᠣᠬᠢᠨ᠎ᠠ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ | ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ | ᠴᠢᠬᠤᠯᠠ ᠶᠡᠭᠡ ᠳᠡᠯᠡᠬᠡᠢ ᠶᠢᠨ ᠬᠡᠷᠡᠭ ᠶᠠᠪᠤᠳᠠᠯ ᠳᠠᠬᠢ ᠣᠯᠣᠯᠴᠠᠭ᠎ᠠ ᠵᠣᠬᠢᠴᠠᠭᠤᠯᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ | ᠡᠨᠡᠳᠬᠡᠭ ᠤᠨ ᠬᠢᠯᠢ ᠬᠢᠵᠠᠭᠠᠷ ᠣᠷᠣᠨ ᠤ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠰᠠᠶᠢᠲᠤᠷ ᠬᠠᠮᠠᠭᠠᠯᠠᠵᠤ᠂ | ᠳᠤᠮᠳᠠᠳᠤ ᠡᠨᠡᠳᠬᠡᠭ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠤᠷᠤᠭᠰᠢ ᠬᠥᠭᠵᠢᠬᠦ ᠶᠢ ᠠᠬᠢᠭᠤᠯᠵᠤ᠂ | ᠳᠡᠯᠡᠬᠡᠢ ᠶᠢᠨ ᠡᠩᠬᠡ ᠲᠠᠶᠢᠪᠤᠩ ᠬᠥᠭᠵᠢᠯ ᠴᠡᠴᠡᠭᠯᠡᠯ ᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠭᠡᠵᠦ | ᠴᠢᠬᠤᠯᠠᠴᠢᠯᠠᠪᠠ᠃ | | ᠮᠥᠸᠧᠷᠮᠦ᠋᠂ ᠡᠨᠡᠳᠬᠡᠭ ᠪᠣᠯᠣᠨ ᠳᠤᠮᠳᠠᠳᠤ ᠤᠯᠤᠰ ᠪᠣᠯ ᠬᠥᠷᠰᠢ ᠵᠡᠷᠭᠡᠯᠡᠳᠡᠭᠡ ᠬᠤᠶᠠᠷ ᠲᠣᠮᠣ ᠤᠯᠤᠰ ᠪᠠᠶᠢᠵᠤ᠂ ᠪᠦᠬᠦ | ᠪᠥᠮᠪᠥᠷᠴᠡᠭ ᠤᠨ ᠭᠤᠷᠪᠠᠨ ᠤ ᠨᠢᠭᠡ ᠬᠤᠪᠢ ᠶᠢᠨ ᠬᠥᠮᠥᠨ ᠠᠮᠠ ᠲᠠᠢ ᠶᠤᠮ᠃ ᠲᠣᠭᠲᠠᠭᠤᠨ᠂ ᠵᠢᠱᠢᠵᠦ ᠪᠣᠯᠬᠤᠶᠢᠴᠠ ᠪᠥᠭᠡᠳ | ᠨᠥᠬᠦᠷᠰᠡᠭ ᠬᠤᠶᠠᠷ ᠲᠠᠯ᠎ᠠ ᠶᠢᠨ ᠬᠠᠷᠢᠯᠴᠠᠭ᠎ᠠ ᠨᠢ ᠬᠤᠶᠠᠷ ᠤᠯᠤᠰ ᠪᠣᠯᠣᠨ ᠳᠡᠯᠡᠬᠡᠢ ᠳ᠋ᠠᠬᠢᠨ ᠳᠤ ᠠᠵᠠ ᠵᠢᠷᠭᠠᠯ ᠠᠪᠴᠢᠷᠠᠬᠤ | ᠪᠣᠯᠣᠨ᠎ᠠ᠃ ᠪᠢᠳᠠ ᠡᠨᠡᠳᠬᠡᠭ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠬᠢᠶᠠᠯ | ᠪᠣᠯᠭᠠᠵᠤ᠂ ᠡᠨᠡᠳᠬᠡᠭ ᠳᠤᠮᠳᠠᠳᠤ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ | ᠭᠡᠵᠦ ᠢᠯᠡᠳᠬᠡᠪᠡ᠃ | | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠣᠨ ᠡᠨᠡᠳᠬᠡᠭ ᠤᠨ | ᠶᠡᠷᠦᠩᠬᠡᠢ ᠰᠠᠶᠢᠳ ᠮᠦᠸᠧᠳᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ | ᠳᠤᠷᠠᠲᠠᠶ᠎ᠠ ᠡᠨᠡᠳᠬᠡᠭ ᠤᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ | ᠨᠡᠮᠡᠭᠳᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠬᠢᠯᠢ ᠶᠢᠨ ᠵᠠᠭᠠᠭ ᠤᠨ ᠠᠰᠠᠭᠤᠳᠠᠯ ᠢ | ᠵᠣᠬᠢᠰᠲᠠᠢ ᠰᠢᠢᠳᠪᠦᠷᠢᠯᠡᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠤᠷᠤᠭᠰᠢ | ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠵᠦ ᠢᠯᠡᠳᠬᠡᠪᠡ᠃ | | | ᠮᠦᠸᠧᠳᠢ᠂ ᠡᠨᠡᠳᠬᠡᠭ ᠪᠣᠯᠣᠨ ᠳᠤᠮᠳᠠᠳᠤ ᠤᠯᠤᠰ ᠪᠣᠯ ᠡᠷᠲᠡᠨ ᠤ ᠬᠤᠶᠠᠷ ᠶᠡᠭᠡ ᠪᠣᠯᠪᠠᠰᠤᠨ ᠤᠯᠤᠰ ᠪᠠᠶᠢᠵᠤ᠂ | ᠬᠥᠮᠥᠨ ᠲᠥᠷᠥᠯᠬᠢᠲᠡᠨ ᠤ ᠲᠡᠦᠬᠡ ᠶᠢ ᠡᠭᠦᠳᠦᠨ ᠪᠦᠲᠦᠭᠡᠬᠦ ᠠᠬᠢᠴᠠ ᠳᠤ ᠴᠢᠬᠤᠯᠠ ᠦᠢᠯᠡᠳᠦᠯ ᠦᠵᠡᠭᠦᠯᠪᠡ᠂ | ᠣᠳᠣᠬᠠᠨ ᠳᠤ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ | ᠡᠨᠡᠳᠬᠡᠭ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠨᠢ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ | ᠠᠰᠢᠭᠲᠠᠢ ᠪᠠᠷ ᠪᠠᠷᠠᠬᠤ ᠦᠭᠡᠢ ᠳᠡᠯᠡᠬᠡᠢ ᠶᠢᠨ ᠤᠯᠠᠨ ᠲᠦᠢᠯᠵᠢᠯᠲᠡ ᠶᠢ ᠪᠡᠶᠡᠯᠡᠭᠦᠯᠬᠦ ᠳᠤ ᠴᠦ ᠠᠰᠢᠭᠲᠠᠢ ᠶᠤᠮ᠃ ᠡᠨᠡᠳᠬᠡᠭ | ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠨᠢ ᠬᠤᠶᠠᠷ ᠤᠯᠤᠰ ᠤᠨ ᠬᠠᠷᠢᠯᠴᠠᠭ᠎ᠠ ᠡᠷᠡᠭᠦᠯ | ᠲᠣᠭᠲᠠᠭᠤᠨ ᠬᠥᠭᠵᠢᠯᠲᠡ ᠶᠢᠨ ᠱᠠᠲᠤᠨ ᠳᠤ ᠣᠷᠣᠬᠤ ᠶᠢ ᠬᠥᠲᠥᠯᠥᠨ ᠳᠠᠭᠠᠭᠤᠯᠬᠤ ᠪᠣᠯᠣᠨ᠎ᠠ ᠭᠡᠵᠦ ᠢᠯᠡᠳᠬᠡᠪᠡ᠃ |