| | 4 ᠰᠠᠷ᠎ᠠ ᠶᠢᠨ 28 ᠤ ᠡᠳᠦᠷ᠂ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠥᠪᠥᠷ ᠮᠣᠩᠭᠤᠯ ᠤᠨ ᠪᠠᠭᠰᠢ ᠶᠢᠨ | ᠶᠡᠭᠡ ᠰᠤᠷᠭᠠᠭᠤᠯᠢ ᠳᠤ ᠶᠠᠪᠤᠭᠳᠠᠪᠠ᠃ | | ᠲᠣᠰ ᠤᠳᠠᠭᠠᠨ ᠤ ᠬᠠᠮᠲᠤᠷᠠᠯᠴᠠᠭ᠎ᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ | ᠰᠣᠶᠣᠯ ᠲᠠᠮᠢᠷ᠂ ᠵᠥᠪᠯᠡᠯᠭᠡ ᠥᠭᠴᠦ ᠵᠥᠪᠯᠡᠯᠭᠡ ᠥᠭᠬᠦ ᠲᠥᠷᠥ ᠶᠢᠨ ᠪᠣᠳᠣᠯᠭ᠎ᠠ ᠶᠢᠨ ᠣᠶᠤᠨ ᠤ ᠬᠥᠮᠥᠷᠭᠡ ᠶᠢᠨ | ᠰᠣᠯᠢᠯᠴᠠᠭ᠎ᠠ ᠬᠠᠮᠲᠤᠷᠠᠯᠴᠠᠭ᠎ᠠ ᠵᠡᠷᠭᠡ 5 ᠲᠠᠯ᠎ᠠ ᠶᠢᠨ 16 ᠬᠦᠷᠢᠶ᠎ᠡ ᠴᠠᠷᠠᠭ᠎ᠠ ᠳᠤ ᠬᠤᠯᠪᠣᠭᠳᠠᠵᠤ᠂ | ᠬᠠᠮᠲᠤᠷᠠᠯᠴᠠᠭᠠᠨ ᠤ ᠠᠭᠤᠯᠭ᠎ᠠ ᠣᠯᠠᠨ᠂ ᠬᠠᠮᠤᠷᠬᠤ ᠬᠡᠪᠴᠢᠶ᠎ᠡ ᠥᠷᠭᠡᠨ᠃ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ | ᠴᠢᠳᠠᠪᠤᠷᠢᠲᠠᠨ ᠢ ᠬᠥᠮᠥᠵᠢᠭᠦᠯᠬᠦ᠂ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ᠂ ᠣᠨᠣᠯ ᠢᠶᠠᠷ ᠵᠠᠰᠠᠭ ᠲᠤ | ᠲᠤᠰᠠᠯᠠᠬᠤ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠡᠷᠡᠭᠴᠡᠭᠡ ᠱᠠᠭᠠᠷᠳᠠᠯᠭ᠎ᠠ ᠲᠠᠢ ᠣᠨᠣᠴᠠᠲᠠᠢ | ᠵᠣᠯᠭᠠᠭᠤᠯᠵᠤ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠴᠢᠳᠠᠪᠤᠷᠢ ᠣᠯᠭᠤᠵᠤ ᠣᠷᠳᠣ | ᠬᠤᠭᠤᠴᠠᠭ᠎ᠠ ᠪᠠᠷ ᠪᠦᠲᠦᠮᠵᠢᠲᠡᠶ ᠬᠥᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠣᠶᠤᠨᠴᠢ ᠦᠷ᠎ᠡ ᠪᠦᠲᠦᠭᠡᠯ ᠢ | ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠨᠢᠭᠡ | ᠴᠣᠭᠴᠠᠵᠢᠭᠤᠯᠤᠨ ︽ᠬᠦᠴᠦᠲᠦ ᠬᠥᠳᠡᠯᠭᠡᠭᠦᠷ︾ ᠪᠣᠯᠭᠠᠨ ᠬᠦᠭᠵᠢᠭᠦᠯᠦᠨ᠎ᠡ᠃ ᠰᠠᠶᠢᠬᠠᠨ ᠲᠣᠭᠤᠷᠢᠭ ᠭᠠᠵᠠᠷ | ᠣᠷᠣᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠬᠤ ᠶᠢᠨ ᠬᠠᠮᠲᠤ ᠠᠵᠤ ᠦᠢᠯᠡᠰ ᠤᠨ | ᠬᠤᠰᠢᠭᠤᠷᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠷᠡᠭᠴᠡᠭᠡ ᠪᠣᠯᠣᠨ ᠬᠥᠭᠵᠢᠯᠲᠡ ᠶᠢᠨ ᠬᠡᠷᠡᠭᠴᠡᠭᠡ ᠲᠠᠢ | ᠤᠶᠠᠯᠳᠤᠭᠤᠯᠵᠤ᠂ ᠦᠷ᠎ᠡ ᠪᠦᠲᠦᠭᠡᠯ ᠢ ᠳᠡᠯᠭᠡᠷᠡᠭᠦᠯᠬᠦ᠂ ᠨᠠᠶᠢᠳᠠᠪᠤᠷᠢᠵᠢᠭᠤᠯᠤᠨ ᠬᠤᠪᠢᠷᠠᠭᠤᠯᠬᠤ᠂ ᠰᠢᠨ᠎ᠡ ᠶᠢ ᠡᠭᠦᠳᠦᠨ | ᠨᠡᠪᠴᠢᠭᠦᠯᠬᠦ ᠵᠡᠷᠭᠡ ᠲᠠᠯ᠎ᠠ ᠪᠠᠷ ᠡᠯ᠎ᠡ ᠲᠥᠷᠥᠯ ᠤᠨ ᠳᠡᠮᠵᠢᠯᠭᠡ ᠶᠢᠨ ᠪᠠᠲᠤᠯᠠᠭ᠎ᠠ ᠬᠠᠩᠭᠠᠵᠤ᠂ ᠰᠠᠶᠢᠬᠠᠨ | ᠲᠣᠭᠤᠷᠢᠭ ᠤᠨ ᠠᠵᠤ ᠦᠢᠯᠡᠰ ᠤᠨ ᠥᠩ ᠰᠢᠮᠡᠯᠢᠭ ᠬᠥᠷᠥᠰᠥ ᠶᠢ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ ︽ᠦᠢᠯᠡᠳᠦᠯᠭᠡ ᠶᠢᠨ | ᠬᠢᠴᠢᠶᠡᠯ ᠤᠨ ᠲᠠᠩᠬᠢᠮ︾ ᠪᠣᠯᠭᠠᠪᠠ᠃ | | ᠬᠤᠶᠠᠷ ᠲᠠᠯ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠪᠠ ᠣᠷᠣᠨ ᠨᠤᠲᠤᠭ ᠬᠠᠮᠲᠤ ᠪᠠᠷ | ᠰᠠᠭᠤᠷᠢ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠨᠢᠯᠬ᠎ᠠ ᠬᠡᠦᠬᠡᠳ᠂ ᠪᠠᠭ᠎ᠠ | ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠪᠡᠶᠡᠯᠡᠭᠦᠯᠦᠨ᠎ᠡ᠃ ︽ᠲᠤᠰᠬᠠᠢ ᠰᠡᠳᠦᠪ ᠢᠶᠠᠷ ᠰᠠᠯᠠᠭ᠎ᠠ | ᠮᠥᠴᠢᠷ ᠬᠠᠮᠵᠢᠯᠴᠠᠬᠤ︾ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠬᠠᠮᠲᠤᠷᠠᠯᠴᠠᠭᠠᠨ ᠤ ᠲᠦᠷᠦᠯ | ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ | ᠬᠠᠮᠵᠢᠯᠴᠠᠨ ᠬᠠᠮᠲᠤᠪᠠᠷ ᠤᠷᠤᠭᠰᠢᠯᠠᠬᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ | ᠭᠡᠵᠡᠢ᠃ ᠲᠣᠰ ᠤᠳᠠᠭᠠᠨ ᠤ ᠬᠠᠮᠲᠤᠷᠠᠯᠴᠠᠭ᠎ᠠ ᠪᠣᠯ ᠶᠡᠭᠡ ᠳᠡᠭᠡᠳᠦ ᠰᠤᠷᠭᠠᠭᠤᠯᠢ ᠶᠢᠨ ᠣᠷᠣᠨ ᠨᠤᠲᠤᠭ ᠤᠨ ᠰᠢᠨ᠎ᠡ ᠶᠢ | ᠡᠭᠦᠳᠬᠦ ᠦᠢᠯᠡᠳᠦᠯᠭᠡ ᠪᠠᠶᠢᠵᠤ᠂ ᠰᠠᠶᠢᠬᠠᠨ ᠲᠣᠭᠤᠷᠢᠭ ᠴᠢᠨᠠᠭᠰᠢᠯᠠᠪᠠᠯ ᠬᠥᠬᠡᠬᠤᠲᠠ ᠶᠢᠨ ᠭᠠᠵᠠᠷ ᠣᠷᠣᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ | | | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠣᠯᠣᠨ ᠰᠠᠶᠢᠬᠠᠨ ᠲᠣᠭᠤᠷᠢᠭ ᠤᠨ ᠨᠠᠮ ᠤᠨ | ᠬᠤᠷᠢᠶᠠᠨ ᠤ ᠭᠤᠣᠯ ᠤᠳᠤᠷᠢᠳᠤᠯᠭ᠎ᠠ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ ᠪᠤᠰᠤᠳ | ᠬᠤᠯᠪᠣᠭᠳᠠᠯ ᠪᠦᠬᠦᠢ ᠤᠳᠤᠷᠢᠳᠤᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ | ᠶᠣᠰᠣᠯᠠᠯ ᠳᠤ ᠣᠷᠣᠯᠴᠠᠪᠠ᠃ | | | | | | ᠢᠷᠡᠯᠲᠡ ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |