ᠰᠠᠶᠢᠬᠠᠨ ᠲᠣᠭᠤᠷᠢᠭ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ︽5.1︾ ᠤ ᠬᠡᠷᠡᠭᠯᠡᠭᠡᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2025/4/30
       ︽5.1︾ ᠤ ᠬᠥᠳᠡᠯᠮᠦᠷᠢᠴᠢᠳ ᠤᠨ ᠪᠠᠶᠠᠷ ᠣᠶᠢᠷᠠᠳᠴᠤ᠂ ᠠᠮᠤᠷ ᠲᠦᠪᠰᠢᠨ᠂ ᠡᠮᠬᠢ ᠵᠢᠷᠤᠮ ᠲᠠᠢ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ᠪᠠᠶᠠᠷ ᠤᠨ ᠡᠳᠦᠷ ᠤᠨ ᠬᠡᠷᠡᠭᠯᠡᠭᠡᠨ ᠤ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠢᠳᠡᠭᠡᠨ᠂ ᠡᠮ ᠤᠨ ᠵᠦᠢᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠦᠨ᠎ᠡ ᠬᠠᠩᠰᠢ᠂ ᠬᠡᠮᠵᠢᠬᠦ᠂ ᠵᠠᠷ ᠮᠡᠳᠡᠭᠡ ᠵᠡᠷᠭᠡ ᠣᠯᠠᠨ ᠵᠠᠩᠭᠢᠯᠠᠭ᠎ᠠ ᠶᠢᠨ ᠬᠦᠷᠢᠶ᠎ᠡ ᠪᠠᠷ ᠭᠤᠣᠯᠳᠠᠯᠭ᠎ᠠ ᠪᠣᠯᠭᠠᠨ᠂ ︽5.1︾ ᠤ ᠪᠠᠶᠠᠷ ᠠᠴᠠ ᠡᠮᠦᠨᠡᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠲᠤᠰᠬᠠᠢ ᠬᠢᠨᠠᠯᠲᠠ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃
图片4.png 
              ᠢᠳᠡᠭᠡᠨ ᠤ ᠠᠮᠤᠷ ᠲᠦᠪᠰᠢᠨ ᠤ ᠱᠤᠭᠤᠮ ᠢ ᠴᠢᠩᠭ᠎ᠠ ᠰᠠᠬᠢᠨ᠎ᠠ
图片5.jpg         
         ᠡᠮ ᠤᠨ ᠪᠠᠭᠠᠵᠢᠴᠢᠯᠠᠭᠰᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠶ᠎ᠠ
图片6.png        
         ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ︽ᠠᠮᠤᠷ ᠲᠦᠪᠰᠢᠨ ᠤ ᠨᠡᠭᠡᠯᠡᠭᠡᠢ︾ ᠶᠢ ᠴᠢᠩᠭᠠᠷᠠᠭᠤᠯᠪᠠ          ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠮᠤᠷ ᠲᠦᠪᠰᠢᠨ ᠤ ᠲᠤᠰᠬᠠᠢ ᠬᠢᠨᠠᠯᠲᠠ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠪᠠᠶᠠᠷ ᠤᠨ ᠡᠳᠦᠷ ᠠᠴᠠ ᠡᠮᠦᠨᠡᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠤᠷ ᠲᠦᠪᠰᠢᠨ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠡᠷᠡᠭᠯᠡᠭᠴᠢᠳ ᠢ ᠠᠮᠤᠷ ᠲᠦᠪᠰᠢᠨ᠂ ᠡᠶ᠎ᠡ ᠨᠠᠶᠢᠷᠠᠮᠳᠠᠭᠤ᠂ ᠪᠠᠶᠠᠷ ᠬᠥᠷ ᠲᠠᠢ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢ ᠥᠩᠭᠡᠷᠡᠭᠦᠯᠬᠦ ᠪᠠᠷ ᠪᠠᠶᠢᠨ᠎ᠠ᠃      ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号