| | | | ︽5·1︾ ᠤ ᠠᠮᠠᠷᠠᠯᠲᠠ ᠤᠳᠠᠯ ᠦᠭᠡᠢ ᠬᠦᠷᠴᠦ ᠢᠷᠡᠬᠦ ᠪᠣᠯᠣᠯ᠎ᠠ᠃ ᠡᠨᠡ ᠵᠢᠯ ᠤᠨ ᠬᠥᠳᠡᠯᠮᠦᠷᠢᠴᠢᠳ ᠤᠨ | ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠨᠢ 5 ᠰᠠᠷ᠎ᠠ ᠶᠢᠨ 1︵ᠭᠠᠷᠠᠭ ᠤᠨ ᠳᠥᠷᠪᠡᠨ︶ ᠠᠴᠠ 5 ᠤ ᠡᠳᠦᠷ | ︵ᠭᠠᠷᠠᠭ ᠤᠨ ᠨᠢᠭᠡᠨ︶ ᠪᠣᠯᠣᠨ᠎ᠠ᠃ | | | ᠡᠳᠡᠭᠡᠷ ᠬᠥᠮᠥᠰ ᠤᠨ ᠴᠠᠯᠢᠩ ᠢ ᠤᠷᠢᠳᠴᠢᠯᠠᠨ ᠥᠭᠴᠦ ᠪᠣᠯᠣᠨ᠎ᠠ | | | ᠰᠠᠷ᠎ᠠ ᠶᠢᠨ ᠴᠠᠯᠢᠩ ᠪᠠᠭᠤᠬᠤ ᠡᠳᠦᠷ ᠨᠢ 5 ᠰᠠᠷ᠎ᠠ ᠶᠢᠨ 1 - 5 ᠤ ᠡᠳᠦᠷ ᠪᠠᠶᠢᠳᠠᠭ ᠠᠵᠢᠯᠲᠠᠨ ᠤ | ᠴᠠᠯᠢᠩ ᠢ ᠤᠷᠢᠳᠴᠢᠯᠠᠨ ᠥᠭᠴᠦ ᠪᠣᠯᠣᠨ᠎ᠠ︕︽ᠴᠠᠯᠢᠩ ᠥᠭᠬᠦ ᠲᠤᠬᠠᠢ ᠲᠦᠷ ᠬᠡᠷᠡᠭᠵᠢᠭᠦᠯᠬᠦ ᠲᠣᠭᠲᠠᠭᠠᠯ︾ ᠤᠨ | ᠳᠣᠯᠣᠳᠤᠭᠠᠷ ᠵᠤᠷᠪᠤᠰ ᠢ ᠦᠨᠳᠦᠰᠦᠯᠡᠪᠡᠯ᠂ ᠴᠠᠯᠢᠩ ᠢ ᠡᠷᠬᠡᠪᠰᠢ ᠬᠥᠮᠥᠨ ᠬᠡᠷᠡᠭᠯᠡᠬᠦ ᠨᠢᠭᠡᠴᠢ ᠪᠣᠯᠣᠨ | ᠬᠥᠳᠡᠯᠮᠦᠷᠢᠴᠢᠨ ᠤ ᠪᠣᠯᠵᠣᠵᠤ ᠲᠣᠭᠲᠠᠭᠰᠠᠨ ᠬᠤᠭᠤᠴᠠᠭᠠᠨ ᠳᠤ ᠥᠭᠬᠦ ᠬᠡᠷᠡᠭᠲᠡᠢ᠃ ᠬᠡᠷᠪᠡ ᠪᠠᠶᠠᠷ ᠳᠤᠷᠠᠰᠬᠠᠯ ᠤᠨ | ᠠᠮᠠᠷᠠᠯᠲᠠ ᠪᠤᠶᠤ ᠠᠮᠠᠷᠠᠬᠤ ᠡᠳᠦᠷ ᠲᠣᠬᠢᠶᠠᠯᠳᠤᠪᠠᠯ᠂ ᠬᠠᠮᠤᠭ ᠣᠶᠢᠷ᠎ᠠ ᠠᠵᠢᠯᠯᠠᠬᠤ ᠡᠳᠦᠷ ᠲᠤ ᠤᠷᠢᠳᠴᠢᠯᠠᠨ ᠥᠭᠬᠦ | ᠬᠡᠷᠡᠭᠲᠡᠢ᠃ ᠴᠠᠯᠢᠩ ᠢ ᠠᠳᠠᠭ ᠲᠠᠭᠠᠨ ᠰᠠᠷ᠎ᠠ ᠪᠦᠷᠢ ᠨᠢᠭᠡ ᠤᠳᠠᠭ᠎ᠠ ᠥᠭᠴᠦ᠂ ᠭᠠᠷᠠᠭ᠂ ᠡᠳᠦᠷ᠂ ᠴᠠᠭ ᠤᠨ ᠴᠠᠯᠢᠩ ᠤᠨ | ᠳᠦᠷᠢᠮ ᠢ ᠬᠡᠷᠡᠭᠵᠢᠭᠦᠯᠵᠦ ᠪᠠᠶᠢᠪᠠᠯ ᠭᠠᠷᠠᠭ᠂ ᠡᠳᠦᠷ᠂ ᠴᠠᠭ ᠢᠶᠠᠷ ᠴᠠᠯᠢᠩ ᠥᠭᠴᠦ ᠪᠣᠯᠣᠨ᠎ᠠ᠃ | | | ᠴᠠᠭ ᠨᠡᠮᠡᠵᠦ ᠠᠵᠢᠯᠯᠠᠭᠰᠠᠨ ᠮᠥᠩᠭᠦ ᠶᠢ ᠶᠠᠭᠠᠬᠢᠵᠤ ᠪᠤᠳᠣᠬᠤ ᠪᠤᠢ︖ | | | 2024 ᠣᠨ ᠤ 11 ᠰᠠᠷ᠎ᠠ ᠳᠤ ᠵᠠᠰᠠᠪᠤᠷᠢ ᠣᠷᠣᠭᠤᠯᠤᠭᠰᠠᠨ︽ᠪᠦᠭᠦ ᠤᠯᠤᠰ ᠤᠨ ᠴᠠᠭᠠᠨ ᠰᠠᠷ᠎ᠠ ᠵᠢᠴᠢ | ᠪᠠᠶᠠᠷ ᠳᠤᠷᠠᠰᠬᠠᠯ ᠤᠨ ᠡᠳᠦᠷ ᠤᠨ ᠴᠢᠯᠦᠭᠡ ᠲᠠᠯᠪᠢᠬᠤ ᠠᠷᠭ᠎ᠠ︾ ᠶᠢ ᠦᠨᠳᠦᠰᠦᠯᠡᠪᠡᠯ᠂ 2025 ᠣᠨ ᠤ 1 | ᠰᠠᠷ᠎ᠠ ᠶᠢᠨ 1 ᠤ ᠡᠳᠦᠷ ᠠᠴᠠ ᠡᠬᠢᠯᠡᠨ᠂ ᠪᠦᠭᠦ ᠠᠷᠠᠳ ᠢᠷᠭᠡᠳ ᠤᠨ ᠠᠮᠠᠷᠠᠯᠲᠠ ᠶᠢᠨ ᠡᠳᠦᠷ ᠢ 2 ᠡᠳᠦᠷ | ᠨᠡᠮᠡᠭᠳᠡᠭᠦᠯᠪᠡ᠂ ᠡᠭᠦᠨ ᠳᠤ ᠴᠠᠭᠠᠨ ᠰᠠᠷ᠎ᠠ᠂ ᠬᠥᠳᠡᠯᠮᠦᠷᠢᠴᠢᠳ ᠤᠨ ᠪᠠᠶᠠᠷ ᠤᠨ ᠠᠮᠠᠷᠠᠯᠲᠠ ᠶᠢ ᠲᠣᠰ ᠪᠦᠷᠢ 1 ᠡᠳᠦᠷ | ᠨᠡᠮᠡᠪᠡ᠃ | | | ︽5·1︾ ᠤ ᠠᠮᠠᠷᠠᠯᠲᠠ ᠶᠢᠨ ᠬᠤᠭᠤᠴᠠᠭᠠᠨ ᠳᠤ᠂ 5 ᠰᠠᠷ᠎ᠠ ᠶᠢᠨ 1᠂ 2 ᠤᠨ ᠡᠳᠦᠷ ᠪᠣᠯ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠣᠯᠣᠨ᠎ᠠ᠃ ᠭᠦᠳᠡᠯᠮᠦᠷᠢ ᠶᠢᠨ ᠬᠠᠤᠯᠢ ᠪᠣᠯᠣᠨ︽ᠴᠠᠯᠢᠩ ᠥᠭᠬᠦ ᠲᠤᠬᠠᠢ | ᠲᠦᠷ ᠬᠡᠷᠡᠭᠵᠢᠭᠦᠯᠬᠦ ᠲᠣᠭᠲᠠᠭᠠᠯ︾ ᠢ ᠦᠨᠳᠦᠰᠦᠯᠡᠪᠡᠯ᠂ ᠬᠥᠮᠥᠨ ᠬᠡᠷᠡᠭᠯᠡᠬᠦ ᠨᠢᠭᠡᠴᠢ ᠠᠴᠠ ᠬᠥᠳᠡᠯᠮᠦᠷᠢᠴᠢᠨ ᠢ ᠡᠨᠡ | ᠬᠤᠶᠠᠷ ᠡᠳᠦᠷ ᠴᠠᠭ ᠨᠡᠮᠡᠵᠦ ᠠᠵᠢᠯᠯᠠᠭᠤᠯᠬᠤ ᠪᠠᠷ ᠲᠣᠬᠢᠷᠠᠭᠤᠯᠤᠭᠰᠠᠨ ᠪᠠᠶᠢᠪᠠᠯ᠂ ᠲᠤᠰ ᠬᠥᠮᠥᠨ ᠤ ᠡᠳᠦᠷ ᠤᠨ ᠪᠤᠶᠤ | ᠴᠠᠭ ᠤᠨ ᠴᠠᠯᠢᠩ ᠤᠨ ᠪᠠᠷᠢᠮᠵᠢᠶ᠎ᠠ ᠶᠢᠨ 300% ᠠᠴᠠ ᠳᠣᠣᠷ᠎ᠠ ᠦᠭᠡᠢ ᠪᠠᠷ ᠴᠠᠯᠢᠩ ᠥᠭᠬᠦ ᠬᠡᠷᠡᠭᠲᠡᠢ᠃ | | | 5 ᠰᠠᠷ᠎ᠠ ᠶᠢᠨ 3 ᠠᠴᠠ 5 ᠤ ᠡᠳᠦᠷ ᠪᠣᠯ ᠠᠮᠠᠷᠠᠯᠲᠠ ᠶᠢᠨ ᠡᠳᠦᠷ ᠪᠣᠯᠣᠨ᠎ᠠ᠃ ᠡᠨᠡ ᠭᠤᠷᠪᠠᠨ ᠡᠳᠦᠷ ᠲᠤ | ᠬᠥᠮᠥᠨ ᠬᠡᠷᠡᠭᠯᠡᠬᠦ ᠨᠢᠭᠡᠴᠢ ᠬᠥᠳᠡᠯᠮᠦᠷᠢᠴᠢᠨ ᠢ ᠴᠠᠭ ᠨᠡᠮᠡᠵᠦ ᠠᠵᠢᠯᠯᠠᠭᠤᠯᠬᠤ ᠪᠠᠷ ᠲᠣᠬᠢᠷᠠᠭᠤᠯᠤᠭᠰᠠᠨ ᠪᠥᠭᠡᠳ | ᠨᠥᠬᠦᠵᠦ ᠠᠮᠠᠷᠠᠭᠤᠯᠬᠤ ᠪᠠᠷ ᠲᠣᠬᠢᠷᠠᠭᠤᠯᠬᠤ ᠦᠭᠡᠢ ᠪᠠᠶᠢᠪᠠᠯ᠂ ᠲᠤᠰ ᠬᠥᠮᠥᠨ ᠤ ᠡᠳᠦᠷ ᠤᠨ ᠪᠤᠶᠤ ᠴᠠᠭ ᠤᠨ | ᠴᠠᠯᠢᠩ ᠤᠨ ᠪᠠᠷᠢᠮᠵᠢᠶ᠎ᠠ ᠶᠢᠨ 200% ᠠᠴᠠ ᠳᠣᠣᠷ᠎ᠠ ᠦᠭᠡᠢ ᠪᠠᠷ ᠴᠠᠯᠢᠩ ᠥᠭᠬᠦ ᠬᠡᠷᠡᠭᠲᠡᠢ᠃ | | | ᠢᠷᠡᠯᠲᠡ᠄ ᠰᠢᠨᠬᠤᠸᠠ ᠬᠤᠷᠢᠶ᠎ᠠ | |