ᠰᠠᠶᠢᠬᠠᠨ ᠲᠣᠭᠤᠷᠢᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/4/7
       ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠪᠠ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠰᠠᠶᠢᠬᠠᠨ ᠲᠣᠭᠤᠷᠢᠭ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠥᠷᠨᠢᠭᠦᠯᠪᠡ᠃             ᠲᠣᠰ ᠤᠳᠠᠭᠠᠨ ᠤ ᠪᠣᠯᠪᠠᠰᠤᠷᠠᠭᠤᠯᠤᠯ ᠳᠤ ᠬᠥᠬᠡᠬᠤᠲᠠ ᠶᠢᠨ ᠬᠠᠤᠯᠢᠴᠢ ᠶᠢᠨ ᠨᠡᠶᠢᠭᠡᠮᠯᠢᠭ ᠤᠨ ᠵᠠᠰᠠᠭ ᠵᠠᠬᠢᠷᠭᠠᠨ ᠤ ᠲᠤᠰᠬᠠᠢ ᠮᠡᠷᠭᠡᠵᠢᠯ ᠤᠨ ᠵᠥᠪᠯᠡᠯ ᠤᠨ ᠭᠡᠰᠢᠭᠦᠨ᠂ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠲᠤᠰᠬᠠᠢ ᠰᠡᠳᠦᠪᠲᠦ ᠪᠣᠯᠪᠠᠰᠤᠷᠠᠭᠤᠯᠤᠯ ᠬᠢᠬᠦ ᠶᠢ ᠤᠷᠢᠵᠤ᠂︽ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠡᠷᠬᠢᠨ ᠵᠢᠷᠤᠮᠵᠢᠭᠤᠯᠬᠤ ᠲᠤᠬᠠᠢ︾᠂ ︽ᠵᠠᠰᠠᠭ ᠵᠠᠬᠢᠷᠭᠠᠨ ᠤ ᠰᠢᠳᠬᠡᠯ ᠤᠨ ᠵᠢᠷᠤᠮ ᠤᠨ ᠠᠩᠬᠠᠷᠬᠤ ᠵᠦᠢᠯᠡᠰ︾᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠡᠷᠡᠭ ᠤᠨ ᠡᠪᠬᠡᠮᠡᠯ ᠢ ᠬᠡᠷᠬᠢᠨ ᠵᠢᠷᠤᠮᠵᠢᠭᠤᠯᠬᠤ︾ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠪᠡ᠃ ᠪᠣᠯᠪᠠᠰᠤᠷᠠᠭᠤᠯᠤᠯ ᠤᠨ ᠠᠭᠤᠯᠭ᠎ᠠ᠂ ᠣᠨᠣᠯ ᠤᠨ ᠰᠠᠭᠤᠷᠢ ᠭᠦᠨ ᠵᠤᠵᠠᠭᠠᠨ ᠪᠠᠶᠢᠵᠤ᠂ ᠬᠠᠤᠯᠢ ᠴᠠᠭᠠᠵᠠ ᠶᠢᠨ ᠡᠯᠪᠡᠭ ᠪᠠᠶᠠᠯᠢᠭ ᠮᠡᠳᠡᠯᠭᠡ ᠶᠢ ᠬᠠᠮᠤᠷᠤᠭᠰᠠᠨ ᠢᠶᠠᠷ ᠪᠠᠷᠠᠬᠤ ᠦᠭᠡᠢ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠲᠤᠶᠢᠯ ᠤᠨ ᠬᠡᠷᠡᠭᠵᠢᠭᠦᠯᠦᠭᠦᠰᠢᠲᠡᠢ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃              ᠲᠣᠰ ᠤᠳᠠᠭᠠᠨ ᠤ ᠪᠣᠯᠪᠠᠰᠤᠷᠠᠯ ᠨᠢ ᠣᠯᠠᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ᠂ ᠪᠣᠳᠠᠲᠠᠢ ᠬᠠᠤᠯᠢ ᠬᠡᠷᠡᠭᠵᠢᠭᠦᠯᠬᠦ ᠠᠵᠢᠯ ᠢ ᠬᠡᠷᠬᠢᠨ ᠨᠠᠩ ᠵᠢᠷᠤᠮᠵᠢᠭᠤᠨ᠂ ᠥᠨᠳᠥᠷ ᠪᠦᠲᠦᠮᠵᠢᠲᠡᠶ ᠥᠷᠨᠢᠭᠦᠯᠬᠦ ᠵᠡᠷᠭᠡ ᠶᠢ ᠣᠯᠠᠨ ᠳᠤ ᠡᠵᠡᠮᠰᠢᠭᠦᠯᠵᠦ᠂ ᠲᠣᠰ ᠪᠡᠶ᠎ᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠢᠯᠡᠳᠬᠡᠵᠡᠭᠡᠪᠡ᠃ ᠲᠡᠳᠡ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号