| | ᠣᠶᠢᠷ᠎ᠠ ᠳᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ︵ᠳᠣᠷᠣᠭᠰᠢ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠭᠡᠵᠦ ᠲᠣᠪᠴᠢᠯᠠᠨ᠎ᠠ︶ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠡᠳ᠋ ᠤᠨ ᠵᠠᠰᠠᠭ ᠤᠨ | ᠶᠠᠮᠤᠨ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ ᠲᠤᠯᠤᠭᠠᠨ | ᠶᠠᠮᠤᠨ ᠵᠥᠪᠯᠡᠯ ᠬᠠᠮᠲᠤᠷᠠᠨ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠬᠡᠷᠡᠭᠵᠢᠭᠦᠯᠬᠦ | ᠠᠷᠭ᠎ᠠ︾ ︵ᠳᠣᠷᠣᠭᠰᠢ ︽ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠲᠦᠷᠦᠭᠦᠬᠡᠨ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ | ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | 1. ᠠᠰᠠᠭᠤᠯᠲᠠ᠄ ︽ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠪᠠ ᠠᠴᠢ | ᠬᠤᠯᠪᠣᠭᠳᠠᠯ ᠨᠢ ᠶᠠᠭᠤ ᠪᠤᠢ︖ | ᠬᠠᠷᠢᠭᠤᠯᠲᠠ᠄ ᠠᠶᠤᠯᠭᠦᠢ ᠦᠢᠯᠡᠳᠪᠦᠷᠢᠯᠡᠯ ᠪᠣᠯ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠬᠤᠯᠪᠣᠭᠳᠠᠬᠤ ᠶᠡᠭᠡ ᠶᠠᠪᠤᠳᠠᠯ ᠮᠥᠨ᠃ ︽ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠵᠤ | ᠨᠡᠶᠢᠲᠡᠯᠡᠭᠰᠡᠨ ᠨᠢ ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ︽ | ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠠᠮᠤᠷ | ᠲᠦᠪᠰᠢᠨ ᠤ ᠵᠠᠰᠠᠯᠲᠠ ᠶᠢᠨ ᠵᠠᠭᠪᠤᠷ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠰᠢ ᠬᠤᠪᠢᠷᠠᠭᠤᠯᠬᠤ ᠶᠢ | ᠲᠦᠯᠬᠢᠨ ᠠᠬᠢᠭᠤᠯᠬᠤ︾ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠬᠤ ᠶᠢᠨ ᠠᠮᠢᠳᠤᠯᠢᠭ ᠢᠯᠡᠷᠡᠯ ᠮᠥᠨ᠂ ᠡᠭᠦᠨ ᠤ ᠵᠣᠷᠢᠯᠭ᠎ᠠ ᠨᠢ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠵᠤ᠂ | ᠳᠠᠭᠠᠳᠬᠠᠯ ᠤᠨ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠠᠳᠡᠯ ᠢ ᠤᠷᠢᠳᠴᠢᠯᠠᠨ | ᠰᠡᠷᠭᠡᠶᠢᠯᠡᠬᠦ ᠴᠢᠳᠠᠮᠵᠢ ᠶᠢ ᠨᠡᠩ ᠰᠠᠶᠢᠨ ᠪᠠᠳᠠᠷᠠᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠳᠤ ᠬᠦᠴᠦ ᠨᠡᠮᠡᠷᠢᠯᠡᠬᠦ ᠶᠢᠨ ᠲᠥᠯᠥᠭᠡ ᠶᠤᠮ᠃ | 2017 ᠣᠨ ᠳᠤ᠂ ᠤᠤᠯ ᠤᠨ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠢ ᠲᠣᠪᠴᠢᠶ᠎ᠠ᠂ ᠤᠤᠯ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ | ᠶᠠᠮᠤᠨ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ | ︵ᠠᠶᠤᠯᠭᠦᠢ ᠬᠢᠨᠠᠯᠲᠠ ᠶᠡᠷᠦᠩᠬᠡᠢ ᠠᠯᠪᠠᠨ ﹇2017﹈ 140 ᠳ᠋ᠦ᠋ᠭᠡᠷ ᠲᠣᠭᠠᠲᠤ᠂ ᠳᠣᠷᠣᠭᠰᠢ 140 ᠳ᠋ᠦ᠋ᠭᠡᠷ ᠲᠣᠭᠠᠲᠤ | ᠪᠢᠴᠢᠭ ᠮᠠᠲ᠋ᠧᠷᠢᠶᠠᠯ ᠭᠡᠵᠦ ᠲᠣᠪᠴᠢᠯᠠᠨ᠎ᠠ︶ ᠶᠢ ᠨᠡᠶᠢᠲᠡᠯᠡᠪᠡ᠃ ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ | ᠳᠦᠷᠢᠮ ᠢ ᠬᠡᠷᠡᠭᠵᠢᠭᠦᠯᠦᠭᠰᠡᠨ ᠠᠴᠠ ᠨᠠᠰᠢ᠂ ᠡᠯ᠎ᠡ ᠭᠠᠵᠠᠷ ᠣᠷᠣᠨ᠂ ᠡᠯ᠎ᠡ ᠳᠠᠭᠠᠳᠬᠠᠯ ᠤᠨ ᠪᠠᠶᠢᠭᠤᠯᠤᠮᠵᠢ ᠶᠢᠨ | ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠬᠠᠶᠢᠨ ᠰᠦᠪᠡᠭᠴᠢᠯᠡᠬᠦ ᠪᠠᠷ ᠳᠡᠮᠵᠢᠨ᠂ ᠠᠵᠤ ᠠᠬᠤᠢ ᠶᠢᠨ | ᠨᠥᠬᠦᠪᠦᠷᠢ ᠪᠠ ᠠᠳᠡᠯ ᠢ ᠤᠷᠢᠳᠴᠢᠯᠠᠨ ᠰᠡᠷᠭᠡᠶᠢᠯᠡᠬᠦ ᠲᠠᠯ᠎ᠠ ᠪᠠᠷ ᠢᠳᠡᠪᠬᠢᠲᠡᠢ ᠦᠢᠯᠡᠳᠦᠯ ᠪᠠᠳᠠᠷᠠᠭᠤᠯᠵᠤ᠂ ᠠᠶᠤᠯᠭᠦᠢ | ᠦᠢᠯᠡᠳᠪᠦᠷᠢᠯᠡᠯ ᠤᠨ ᠶᠡᠭᠡ ᠲᠠᠯ᠎ᠠ ᠳᠤ ᠨᠡᠯᠢᠶᠡᠳ ᠰᠠᠶᠢᠨ ᠦᠢᠯᠡᠴᠢᠯᠡᠭᠰᠡᠨ ᠪᠠᠶᠢᠨ᠎ᠠ᠃ 2021 ᠣᠨ ᠳᠤ ᠵᠠᠰᠠᠪᠤᠷᠢ | ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ | ᠳᠤ ︽ᠤᠯᠤᠰ ᠠᠴᠠ ᠲᠣᠭᠲᠠᠭᠠᠭᠰᠠᠨ ᠠᠶᠤᠯ ᠶᠡᠬᠡᠲᠡᠢ ᠠᠵᠢᠯ ᠲᠥᠷᠥᠯ᠂ ᠬᠦᠷᠢᠶ᠎ᠡ ᠴᠠᠷᠠᠭ᠎ᠠ ᠳᠤ ᠬᠠᠷᠢᠶᠠᠯᠠᠭᠳᠠᠬᠤ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠠᠭᠠᠳᠬᠠᠯ ᠳᠤ ᠵᠠᠪᠠᠯ ᠣᠷᠣᠬᠤ ᠬᠡᠷᠡᠭᠲᠡᠢ︾ ᠭᠡᠵᠦ ᠲᠣᠳᠣᠷᠬᠠᠢ ᠲᠣᠭᠲᠠᠭᠠᠵᠤ᠂ ᠠᠶᠤᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠤᠨ ᠳᠦᠷᠢᠮ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠡᠨᠡᠬᠦ ᠬᠠᠤᠯᠢ ᠴᠠᠭᠠᠵᠠ ᠶᠢᠨ | ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ | ᠠᠵᠢᠯ ᠤᠨ ᠳᠤᠮᠳᠠ ᠣᠷᠣᠰᠢᠵᠤ ᠪᠠᠶᠢᠭ᠎ᠠ ᠳᠠᠭᠠᠳᠬᠠᠯ ᠤᠨ ᠬᠠᠮᠤᠷᠬᠤ ᠬᠡᠪᠴᠢᠶ᠎ᠡ ᠭᠦᠢᠴᠡᠳ ᠦᠭᠡᠢ᠂ ᠠᠳᠡᠯ ᠢ | ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ ᠲᠣᠭᠲᠠᠴᠠ ᠰᠢᠯᠤᠭᠤᠨ ᠪᠤᠰᠤ ᠪᠠᠶᠢᠬᠤ ᠵᠡᠷᠭᠡ ᠠᠰᠠᠭᠤᠳᠠᠯ ᠢ ᠦᠨᠡᠨᠬᠦ | ᠰᠢᠢᠳᠪᠦᠷᠢᠯᠡᠬᠦ ᠶᠢᠨ ᠲᠤᠰᠠᠳᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ | 140 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠵᠠᠢ᠃ ᠲᠣᠰ ᠤᠳᠠᠭ᠎ᠠ ᠵᠠᠰᠠᠪᠤᠷᠢ | ᠣᠷᠣᠭᠤᠯᠬᠤ ᠳᠠᠭᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ | ᠬᠠᠤᠯᠢ︾ ᠶᠢᠨ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ᠂ ᠮᠠᠨ ᠤ ᠤᠯᠤᠰ ᠤᠨ | ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠬᠥᠭᠵᠢᠯᠲᠡ ᠶᠢᠨ ᠣᠳᠣᠬᠢ ᠪᠠᠶᠢᠳᠠᠯ ᠲᠠᠢ ᠨᠢᠭᠲᠠ | ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ ᠂ ᠠᠶᠤᠯᠭᠦᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠢᠶᠠᠷ ᠬᠤᠯᠪᠣᠭᠠᠰᠤ ᠪᠣᠯᠭᠠᠭᠰᠠᠨ᠂ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ | ᠥᠷᠭᠡᠨ ᠢᠶᠠᠷ ᠣᠷᠣᠯᠴᠠᠭᠰᠠᠨ ᠠᠶᠤᠯᠭᠦᠢ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠵᠠᠰᠠᠯᠲᠠ ᠶᠢᠨ ᠰᠢᠰᠲ᠋ᠧᠮ ᠢ | ᠢᠳᠡᠪᠬᠢᠲᠡᠢ ᠪᠠᠶᠢᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠠᠶᠤᠯᠭᠦᠢ ᠶᠢᠨ | ᠵᠠᠰᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠲᠦᠯᠬᠢᠨ ᠠᠬᠢᠭᠤᠯᠪᠠ᠃ | 2. ᠠᠰᠠᠭᠤᠯᠲᠠ᠄ ︽ᠬᠡᠷᠡᠭᠵᠢᠭᠦᠯᠬᠦ ᠠᠷᠭ᠎ᠠ︾ ᠶᠢᠨ ᠶᠡᠷᠦᠩᠬᠡᠢ ᠪᠣᠷᠣ ᠲᠥᠯᠥᠪ ᠪᠠ ᠭᠤᠣᠯ ᠠᠭᠤᠯᠭ᠎ᠠ ᠨᠢ ᠶᠠᠭᠤ | ᠶᠠᠭᠤ ᠪᠠᠶᠢᠳᠠᠭ ᠪᠤᠶ︖ | ᠬᠠᠷᠢᠭᠤᠯᠲᠠ᠄ ︽ᠬᠡᠷᠡᠭᠵᠢᠭᠦᠯᠬᠦ ᠠᠷᠭ᠎ᠠ︾ ᠨᠢ ᠨᠡᠶᠢᠲᠡ 6 ᠪᠦᠯᠦᠭ 48 ᠵᠦᠢᠯ ᠲᠠᠢ᠂ ᠡᠭᠦᠨ ᠳᠤ ︽ ᠶᠡᠷᠦᠩᠬᠡᠢ | ᠳᠦᠷᠢᠮ︾᠂ ︽ᠳᠠᠭᠠᠳᠬᠠᠭᠤᠯᠬᠤ ᠪᠠ ᠳᠠᠭᠠᠳᠬᠠᠬᠤ︾᠂ ︽ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ︾᠂ | ︽ᠲᠥᠯᠥᠪᠦᠷᠢ ᠥᠭᠬᠦ︾᠂ ︽ᠬᠢᠨᠠᠯᠲᠠ ᠲᠠᠯᠪᠢᠬᠤ ᠪᠠ ᠬᠠᠮᠢᠶᠠᠷᠤᠯᠲᠠ︾᠂ ︽ ᠳᠠᠭᠠᠯᠳᠤᠭᠤᠯᠤᠭᠰᠠᠨ ᠳᠦᠷᠢᠮ︾ ᠪᠠᠭᠲᠠᠨ᠎ᠠ᠃ | 140 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠲᠠᠢ ᠬᠠᠷᠢᠴᠠᠭᠤᠯᠪᠠᠯ ᠂ ︽ᠬᠡᠷᠡᠭᠵᠢᠭᠦᠯᠬᠦ ᠠᠷᠭ᠎ᠠ︾ ᠳᠤ | ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠭᠤᠯᠬᠤ ᠶᠣᠰᠣᠲᠠᠢ ᠠᠵᠢᠯ ᠲᠥᠷᠥᠯ᠂ ᠬᠦᠷᠢᠶ᠎ᠡ | ᠬᠡᠪᠴᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠣᠳᠣᠷᠬᠠᠶᠢᠯᠠᠪᠠ︔ ᠠᠶᠤᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠤᠨ ᠦᠢᠯᠡᠳᠬᠦᠨ ᠤ ᠵᠦᠢᠯ ᠵᠤᠷᠪᠤᠰ ᠪᠠ ᠰᠦᠢᠳᠬᠡᠯ ᠤᠨ ᠨᠣᠷᠮ᠎ᠠ ᠶᠢ ᠡᠮᠬᠢᠯᠡᠨ ᠲᠣᠭᠲᠠᠭᠠᠬᠤ ᠳᠤ | ᠵᠢᠷᠤᠮᠵᠢᠯ ᠤᠨ ᠴᠢᠨᠠᠷᠲᠠᠢ ᠱᠠᠭᠠᠷᠳᠠᠯᠭ᠎ᠠ ᠳᠤᠷᠠᠳᠪᠠ︔ ︽ᠡᠡ᠊ᠨᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ︾ | ᠶᠢᠨ ᠲᠤᠰᠬᠠᠢ ᠪᠦᠯᠦᠭ ᠢ ᠨᠡᠮᠡᠵᠦ᠂ ᠡᠡ᠊ᠨᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ ᠵᠢᠷᠤᠮᠵᠢᠯ ᠤᠨ | ᠱᠠᠭᠠᠷᠳᠠᠯᠭ᠎ᠠ ᠶᠢ ᠨᠠᠷᠢᠯᠢᠭᠵᠢᠭᠤᠯᠤᠨ ᠴᠢᠩᠭᠠᠳᠬᠠᠵᠤ᠂ ᠳᠠᠭᠠᠳᠬᠠᠯ ᠤᠨ ᠪᠠᠶᠢᠭᠤᠯᠤᠮᠵᠢ ᠶᠢᠨ ᠡᠡ᠊ᠨᠳᠡᠯ ᠢ | ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ ᠥᠷᠨᠢᠭᠦᠯᠬᠦ ᠠᠷᠭ᠎ᠠ ᠮᠠᠶ᠋ᠢᠭ᠂ ᠵᠠᠷᠤᠳᠠᠯ ᠤᠨ ᠣᠷᠣᠭᠤᠯᠤᠯᠲᠠ ᠪᠠ | ᠬᠡᠷᠡᠭᠯᠡᠯᠲᠡ᠂ ᠲᠤᠭ᠎ᠠ ᠪᠠᠷᠢᠮᠲᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠴᠥᠮ ᠬᠤᠯᠪᠣᠭᠳᠠᠯ ᠪᠦᠬᠦᠢ ᠱᠠᠭᠠᠷᠳᠠᠯᠭ᠎ᠠ | ᠳᠤᠷᠠᠳᠪᠠ︔ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠢᠨᠠᠨ ᠬᠠᠮᠢᠶᠠᠷᠴᠤ ᠬᠢᠵᠠᠭᠠᠷᠯᠠᠬᠤ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠤᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠱᠠᠭᠠᠷᠳᠠᠵᠤ᠂ ᠨᠡᠶᠢᠭᠡᠮ ᠤᠨ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠲᠡᠮᠵᠢᠨ | ᠬᠥᠲᠥᠯᠥᠨ ᠵᠢᠯᠣᠭᠤᠳᠪᠠ᠃ | 3. ᠶᠠᠮᠠᠷ ᠶᠠᠮᠠᠷ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠠᠶᠤᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠤᠯᠴᠠᠬᠤ ᠬᠡᠷᠡᠭᠲᠡᠢ ᠪᠤᠶ︖ | ᠬᠠᠷᠢᠭᠤᠯᠲᠠ᠄ ᠡᠩ ᠲᠡᠷᠢᠭᠦᠨ ᠳᠤ᠂ ︽ᠬᠡᠷᠡᠭᠵᠢᠭᠦᠯᠬᠦ ᠠᠷᠭ᠎ᠠ︾ ᠳᠤ ᠠᠶᠤᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠣᠭᠤᠯᠬᠤ ᠶᠣᠰᠣᠲᠠᠢ ᠠᠵᠢᠯ ᠲᠥᠷᠥᠯ᠂ ᠬᠦᠷᠢᠶ᠎ᠡ ᠬᠡᠪᠴᠢᠶ᠎ᠡ᠂ ᠲᠤᠬᠠᠶᠢᠯᠠᠪᠠᠯ ᠠᠭᠤᠷᠬᠠᠢ᠂ | ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ᠂ ᠵᠠᠮ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠠᠷᠠᠳ ᠤᠨ | ᠬᠡᠷᠡᠭᠯᠡᠭᠡᠨ ᠤ ᠳᠡᠯᠪᠡᠷᠡᠬᠦ ᠡᠳ᠋ ᠪᠣᠳᠠᠰ᠂ ᠲᠡᠮᠦᠷᠯᠢᠭ ᠪᠣᠯᠪᠠᠰᠤᠷᠠᠭᠤᠯᠬᠤ᠂ ᠵᠢᠭᠠᠰᠤᠨ ᠠᠵᠤ ᠠᠬᠤᠢ ᠶᠢᠨ | ᠦᠢᠯᠡᠳᠪᠦᠷᠢᠯᠡᠯ ᠵᠡᠷᠭᠡ ᠠᠶᠤᠯ ᠶᠡᠬᠡᠲᠡᠢ ᠠᠵᠢᠯ ᠲᠥᠷᠥᠯ᠂ ᠬᠦᠷᠢᠶ᠎ᠡ ᠴᠠᠷᠠᠭ᠎ᠠ ᠶᠢᠨ ᠨᠢᠭᠡᠴᠢ ᠶᠢ ᠲᠣᠳᠣᠷᠬᠠᠢ | ᠲᠣᠭᠲᠠᠭᠠᠪᠠ︔ ᠡᠭᠦᠨ ᠤ ᠬᠠᠮᠲᠤ ︽ᠳᠠᠭᠠᠯᠳᠤᠭᠤᠯᠤᠭᠰᠠᠨ ᠳᠦᠷᠢᠮ︾ ᠳᠤ᠂ ᠠᠶᠤᠯ ᠶᠡᠬᠡᠲᠡᠢ ᠠᠵᠢᠯ ᠲᠥᠷᠥᠯ᠂ | ᠬᠦᠷᠢᠶ᠎ᠡ ᠴᠠᠷᠠᠭ᠎ᠠ ᠶᠢᠨ ᠨᠢᠭᠡᠴᠢ ᠶᠢᠨ ᠪᠣᠳᠠᠲᠠᠢ ᠠᠭᠤᠯᠭ᠎ᠠ ᠶᠢ ᠲᠣᠳᠣᠷᠬᠠᠶᠢᠯᠠᠵᠤ᠂ ᠳᠠᠭᠠᠳᠬᠠᠭᠤᠯᠬᠤ ᠨᠢᠭᠡᠴᠢ ᠶᠢᠨ | ᠲᠥᠷᠥᠯ ᠬᠡᠯᠪᠡᠷᠢ ᠶᠢ ᠨᠠᠷᠢᠯᠢᠭᠵᠢᠭᠤᠯᠤᠨ᠂ ᠡᠯ᠎ᠡ ᠭᠠᠵᠠᠷ ᠣᠷᠣᠨ ᠤ ᠳᠠᠭᠠᠳᠬᠠᠭᠤᠯᠬᠤ ᠪᠠ ᠬᠤᠯᠪᠣᠭᠳᠠᠯ ᠪᠦᠬᠦᠢ | ᠬᠢᠨᠠᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠠᠬᠢᠭᠤᠯᠬᠤ ᠳᠤ ᠵᠢᠯᠤᠭᠤᠳᠬᠤ ᠦᠨᠳᠦᠰᠦᠯᠡᠯ ᠬᠠᠩᠭᠠᠭᠰᠠᠨ | ᠪᠠᠶᠢᠨ᠎ᠠ᠃ | ᠳᠠᠷᠠᠭᠠᠯᠠᠪᠠᠯ᠂ ︽ᠬᠡᠷᠡᠭᠵᠢᠭᠦᠯᠬᠦ ᠠᠷᠭ᠎ᠠ︾ ᠳᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠲᠠᠢ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠲᠣᠰ ᠠᠵᠢᠯ ᠲᠥᠷᠥᠯ᠂ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠳᠤ ᠣᠷᠣᠯᠴᠠᠭᠰᠠᠨ ᠪᠠᠶᠢᠳᠠᠯ ᠵᠡᠷᠭᠡ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠲᠣᠳᠣᠷᠬᠠᠢ | ᠲᠣᠭᠲᠠᠭᠠᠭᠰᠠᠨ ᠨᠢ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠳᠤ ᠠᠰᠢᠭᠲᠠᠢ ᠪᠠᠶᠢᠵᠤ᠂ ᠠᠶᠤᠯᠭᠦᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠢ ᠠᠶᠤᠯ ᠶᠡᠬᠡᠲᠡᠢ ᠠᠵᠢᠯ ᠲᠥᠷᠥᠯ᠂ ᠬᠦᠷᠢᠶ᠎ᠡ ᠴᠠᠷᠠᠭ᠎ᠠ ᠳᠤ ᠪᠦᠬᠦᠨ ᠢ | ᠬᠠᠮᠤᠷᠬᠤ ᠶᠢ ᠲᠦᠯᠬᠢᠨ ᠠᠬᠢᠭᠤᠯᠵᠤ᠂ ᠠᠶᠤᠯ ᠶᠡᠬᠡᠲᠡᠢ ᠠᠵᠢᠯ ᠲᠥᠷᠥᠯ᠂ ᠬᠦᠷᠢᠶ᠎ᠡ ᠴᠠᠷᠠᠭ᠎ᠠ ᠶᠢᠨ ᠠᠵᠢᠯ | ᠡᠷᠬᠢᠯᠡᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠳᠤ ᠠᠰᠢᠭᠲᠠᠢ ᠶᠤᠮ᠃ 4. | ᠠᠰᠠᠭᠤᠯᠲᠠ᠄ ︽ᠬᠡᠷᠡᠭᠵᠢᠭᠦᠯᠬᠦ ᠠᠷᠭ᠎ᠠ︾ ᠳᠤ ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠪᠠᠲᠤᠯᠠᠭ᠎ᠠ ᠶᠢᠨ | ᠴᠢᠳᠠᠮᠵᠢ ᠶᠢ ᠳᠡᠭᠡᠭᠰᠢᠯᠡᠭᠦᠯᠬᠦ᠂ ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠵᠦᠢᠯ ᠵᠤᠷᠪᠤᠰ ᠢ | ᠲᠣᠭᠲᠠᠭᠠᠬᠤ᠂ ᠰᠦᠢᠳᠬᠡᠯ ᠤᠨ ᠨᠣᠷᠮ᠎ᠠ ᠶᠢ ᠡᠮᠬᠢᠯᠡᠨ ᠲᠣᠭᠲᠠᠭᠠᠬᠤ ᠶᠢ ᠵᠢᠷᠤᠮᠵᠢᠭᠤᠯᠬᠤ ᠳᠤ ᠶᠠᠮᠠᠷ ᠶᠠᠮᠠᠷ | ᠱᠠᠭᠠᠷᠳᠠᠯᠭ᠎ᠠ ᠳᠤᠷᠠᠳᠤᠭᠰᠠᠨ ᠪᠣᠶ︖ | ᠬᠠᠷᠢᠭᠤᠯᠲᠠ᠄ ᠨᠢᠭᠡ ᠳᠤ᠂ ᠪᠠᠲᠤᠯᠠᠭ᠎ᠠ ᠶᠢᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠪᠡ᠃ ᠠᠶᠤᠯᠭᠦᠢ | ᠦᠢᠯᠡᠳᠪᠦᠷᠢᠯᠡᠯ ᠤᠨ ᠡᠡ᠊ᠨᠳᠡᠯ ᠤᠨ ᠬᠥᠮᠥᠨ ᠪᠦᠷᠢ ᠶᠢᠨ ᠦᠬᠦᠵᠦ ᠵᠡᠮᠳᠡᠭ ᠪᠣᠯᠤᠭᠰᠠᠨ ᠤ ᠬᠠᠷᠢᠭᠤᠴᠠᠯᠭ᠎ᠠ ᠶᠢᠨ | ᠪᠥᠬᠦ ᠤᠯᠤᠰ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠵᠠᠭᠠᠷ ᠲᠤᠭ᠎ᠠ ᠶᠢ 30 ᠲᠦᠮᠡᠨ ᠲᠥᠭᠦᠷᠢᠭ | ᠪᠠᠶᠢᠭᠰᠠᠨ ᠠᠴᠠ ᠨᠢ 40 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠡᠯ᠎ᠡ ᠭᠠᠵᠠᠷ ᠤᠨ ᠬᠢᠨ ᠪᠥᠬᠦ | ᠤᠯᠤᠰ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠵᠠᠭᠠᠷ ᠲᠤᠭ᠎ᠠ ᠠᠴᠠ ᠥᠨᠳᠥᠷ ᠪᠠᠶᠢᠯᠭᠠᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠤᠬᠠᠢ ᠶᠢᠨ ᠭᠠᠵᠠᠷ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠵᠠᠭᠠᠷ | ᠲᠤᠭ᠎ᠠ ᠶᠢ ᠲᠣᠭᠲᠠᠭᠠᠨ᠎ᠠ᠃ ᠣᠶᠢᠯᠠᠭᠠᠭᠰᠠᠨ ᠢᠶᠠᠷ᠂ ᠣᠳᠣᠬᠠᠨ ᠳᠤ ᠵᠠᠷᠢᠮ ᠭᠠᠵᠠᠷ ᠣᠷᠣᠨ ᠤ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠬᠢᠵᠠᠭᠠᠷ ᠲᠤᠭ᠎ᠠ ᠨᠢ ᠨᠢᠭᠡᠨᠲᠡ 80 ᠲᠦᠮᠡᠨ ᠲᠥᠭᠦᠷᠢᠭ ᠲᠤ ᠬᠦᠷᠴᠡᠢ᠃ | ᠬᠤᠶᠠᠷ ᠲᠤ᠂ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠪᠡ᠃ | ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠳᠤ ᠳᠠᠭᠠᠳᠬᠠᠭᠤᠯᠤᠭᠰᠠᠨ ᠠᠵᠤ ᠠᠬᠤᠶᠢᠯᠠᠯ ᠤᠨ ᠪᠥᠬᠦ | ᠠᠵᠢᠯ ᠡᠷᠬᠢᠯᠡᠭᠰᠡᠳ ᠢ ᠬᠠᠮᠤᠷᠴᠤ᠂ ᠲᠦᠷ ᠴᠠᠭ ᠤᠷᠢᠨ ᠬᠡᠷᠡᠭᠯᠡᠭᠰᠡᠨ ᠬᠥᠮᠥᠰ᠂ ᠲᠣᠮᠢᠯᠠᠭᠳᠠᠭᠰᠠᠨ ᠬᠥᠳᠡᠯᠮᠦᠷᠢᠴᠢᠨ | ᠵᠡᠷᠭᠡ ᠠᠵᠢᠯᠴᠢᠨ ᠬᠡᠷᠡᠭᠯᠡᠬᠦ ᠬᠠᠷᠢᠴᠠᠭ᠎ᠠ ᠲᠠᠢ ᠬᠥᠮᠥᠰ ᠢ ᠠᠵᠢᠯ ᠡᠷᠬᠢᠯᠡᠭᠰᠡᠳ ᠤᠨ ᠬᠡᠪᠴᠢᠶᠡᠨ ᠳᠤ ᠣᠷᠣᠭᠤᠯᠵᠤ᠂ | ᠳᠠᠭᠠᠳᠬᠠᠯ ᠤᠨ ᠵᠣᠭᠤᠰ ᠤᠨ ᠲᠤᠭ᠎ᠠ ᠳᠤ ᠠᠳᠠᠯᠢ ᠪᠠᠷᠢᠮᠵᠢᠶ᠎ᠠ ᠶᠢ ᠬᠡᠷᠡᠭᠵᠢᠭᠦᠯᠦᠨ᠎ᠡ᠂ ᠠᠵᠢᠯᠴᠢᠨ ᠬᠡᠷᠡᠭᠯᠡᠬᠦ ᠠᠷᠭ᠎ᠠ | ᠮᠠᠶ᠋ᠢᠭ᠂ ᠠᠵᠢᠯ ᠤᠨ ᠪᠠᠶᠢᠷᠢ ᠵᠡᠷᠭᠡ ᠳᠤ ᠢᠯᠭᠠᠭ᠎ᠠ ᠲᠠᠢ ᠬᠠᠨᠳᠤᠵᠤ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠪᠠ᠃ | ᠭᠤᠷᠪᠠ ᠳᠤ᠂ ᠵᠦᠢᠯ ᠵᠤᠷᠪᠤᠰ ᠪᠣᠯᠣᠨ ᠰᠦᠢᠳᠬᠡᠯ ᠤᠨ ᠨᠤᠷᠮ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠨᠡᠮᠡᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠳᠤᠮᠳᠠᠳᠤ ᠤᠯᠤᠰ ᠤᠨ ᠳᠠᠭᠠᠳᠬᠠᠯ ᠤᠨ ᠠᠵᠢᠯ ᠲᠦᠷᠦᠯ ᠤᠨ ᠨᠡᠶᠢᠭᠡᠮᠯᠢᠭ ᠢ ᠵᠢᠭᠠᠨ | ᠵᠢᠯᠤᠭᠤᠳᠴᠤ ᠪᠠᠶᠢᠭᠠᠳ ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠰᠠᠨᠠᠯ ᠢ | ᠭᠦᠢᠴᠡᠳ ᠬᠤᠷᠢᠶᠠᠭᠰᠠᠨ ᠰᠠᠭᠤᠷᠢᠨ ᠳᠡᠭᠡᠷ᠎ᠡ᠂ ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ | ᠲᠦᠷᠦᠯ ᠤᠨ ᠪᠠᠷᠢᠮᠵᠢᠶ᠎ᠠ ᠶᠢᠨ ᠵᠦᠢᠯ ᠵᠤᠷᠪᠤᠰ ᠢ ᠲᠣᠭᠲᠠᠭᠠᠨ ᠨᠡᠶᠢᠲᠡᠯᠡᠬᠦ ᠶᠢᠨ ᠬᠠᠮᠲᠤ ᠡᠯ᠎ᠡ ᠳᠠᠭᠠᠳᠬᠠᠯ ᠤᠨ | ᠪᠠᠶᠢᠭᠤᠯᠤᠮᠵᠢ ᠶᠢ ᠨᠢᠭᠡᠳᠦᠯᠲᠡᠢ ᠬᠡᠷᠡᠭᠵᠢᠭᠦᠯᠬᠦ ᠶᠢ ᠱᠠᠭᠠᠷᠳᠠᠪᠠ︔ ᠵᠠᠷᠤᠳᠠᠯ ᠤᠨ ᠨᠣᠷᠮ᠎ᠠ ᠶᠢᠨ ᠲᠠᠯ᠎ᠠ ᠪᠠᠷ᠂ ᠮᠤᠵᠢ ᠶᠢᠨ | ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠰ ᠭᠠᠵᠠᠷ ᠣᠷᠣᠨ ᠤ ᠡᠯ᠎ᠡ ᠠᠵᠢᠯ ᠲᠥᠷᠥᠯ᠂ | ᠬᠦᠷᠢᠶᠡᠨ ᠳᠠᠬᠢ ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠴᠡᠪᠡᠷ ᠲᠦᠭᠰᠢᠭᠦᠷᠢ ᠶᠢᠨ ᠬᠤᠬᠢᠷᠠᠯ ᠤᠨ | ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ ᠨᠡᠶᠢᠲᠡᠯᠡᠬᠦ ᠶᠢᠨ ᠬᠠᠮᠲᠤ ᠠᠶᠤᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠶᠡᠷᠦᠩᠬᠡᠢ ᠠᠰᠢᠭ ᠣᠯᠵᠠᠪᠤᠷᠢ ᠠᠯᠳᠠᠭᠳᠠᠯ ᠤᠨ ᠪᠠᠶᠢᠳᠠᠯ ᠪᠠ ᠵᠠᠬ᠎ᠠ | ᠳᠡᠯᠭᠡᠭᠦᠷ ᠤᠨ ᠪᠣᠳᠠᠲᠠᠢ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ | ᠳᠠᠭᠠᠳᠬᠠᠯ ᠤᠨ ᠪᠠᠶᠢᠭᠤᠯᠤᠮᠵᠢ ᠳᠤ ᠯᠠᠪᠯᠠᠯᠲᠠ ᠪᠣᠯᠭᠠᠨ ᠬᠡᠷᠡᠭᠯᠡᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃ | ᠳᠥᠷᠪᠡ ᠳᠤ᠂ ᠲᠥᠯᠥᠪᠦᠷᠢ ᠶᠢᠨ ᠦᠢᠯᠡᠴᠢᠯᠡᠭᠡ ᠶᠢ ᠰᠢᠯᠢᠳᠡᠭᠵᠢᠭᠦᠯᠪᠡ᠃ ᠬᠦᠨᠳᠦ ᠶᠡᠭᠡ ᠪᠤᠶᠤ ᠨᠡᠶᠢᠲᠡᠯᠢᠭ ᠠᠳᠡᠯ ᠤᠨ | ᠲᠦᠷᠭᠡᠨ ᠲᠥᠯᠥᠬᠦ ᠲᠣᠭᠲᠠᠴᠠ ᠪᠠ ᠤᠷᠢᠳᠴᠢᠯᠠᠨ ᠲᠥᠯᠥᠬᠦ ᠲᠥᠯᠥᠪᠦᠷᠢ ᠶᠢᠨ ᠲᠣᠭᠲᠠᠴᠠ ᠶᠢ ᠪᠠᠶᠢᠭᠤᠯᠵᠤ᠂ ᠠᠳᠡᠯ | ᠭᠠᠷᠤᠭᠰᠠᠨ ᠤ ᠳᠠᠷᠠᠭ᠎ᠠ ᠬᠠᠤᠯᠢ ᠴᠠᠭᠠᠵᠠ ᠶᠢᠨ ᠲᠣᠭᠲᠠᠭᠠᠯ ᠪᠠ ᠭᠡᠷ᠎ᠡ ᠶᠢᠨ ᠪᠣᠯᠵᠣᠯ ᠶᠣᠰᠣᠭᠠᠷ ᠨᠢᠭᠡᠨᠲᠡ | ᠲᠣᠭᠲᠠᠭᠠᠭᠰᠠᠨ ᠳᠠᠭᠠᠳᠬᠠᠯ ᠤᠨ ᠲᠥᠯᠥᠪᠦᠷᠢ ᠶᠢᠨ ᠮᠥᠩᠭᠦ ᠶᠢ ᠲᠦᠷᠭᠡᠨ ᠲᠥᠯᠥᠬᠦ ᠪᠤᠶᠤ ᠤᠷᠢᠳᠠᠪᠠᠷ ᠲᠥᠯᠥᠬᠦ | ᠬᠡᠷᠡᠭᠲᠡᠢ᠃ | 5. ᠠᠰᠠᠭᠤᠯᠲᠠ᠄ ︽ᠬᠡᠷᠡᠭᠵᠢᠭᠦᠯᠬᠦ ᠠᠷᠭ᠎ᠠ︾ ᠳᠤ ᠡᠡ᠊ᠨᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ | ᠲᠣᠭᠲᠠᠴᠠ ᠶᠢ ᠲᠡᠭᠦᠯᠳᠡᠷᠵᠢᠭᠦᠯᠬᠦ᠂ ᠡᠡ᠊ᠨᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠤᠢ︖ | ᠬᠠᠷᠢᠭᠤᠯᠲᠠ᠄ ︽ᠬᠡᠷᠡᠭᠵᠢᠭᠦᠯᠬᠦ ᠠᠷᠭ᠎ᠠ︾ ᠳᠤ ︽ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ︾ ᠶᠢᠨ | ᠲᠤᠰᠬᠠᠢ ᠪᠦᠯᠦᠭ ᠢ ᠨᠡᠮᠡᠵᠦ᠂ ᠤᠯᠠᠨ ᠲᠠᠯ᠎ᠠ ᠶᠢᠨ ᠬᠢᠨ ᠣᠷᠣᠯᠴᠠᠭᠰᠠᠨ᠂ ᠥᠪᠡᠷ ᠥᠪᠡᠷ ᠤᠨ ᠬᠦᠴᠦᠨ ᠢᠶᠠᠨ | ᠪᠠᠳᠠᠷᠠᠭᠤᠯᠤᠭᠰᠠᠨ᠂ ᠬᠠᠮᠵᠢᠯᠴᠠᠨ ᠬᠠᠮᠲᠤᠷᠠᠯᠴᠠᠭᠰᠠᠨ ᠠᠶᠤᠯᠭᠦᠢ ᠦᠢᠯᠡᠳᠪᠦᠷᠢᠯᠡᠯ ᠤᠨ ᠨᠡᠶᠢᠭᠡᠮᠴᠢᠯᠡᠭᠰᠡᠨ | ᠵᠠᠰᠠᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠪᠠ᠃ | ᠨᠢᠭᠡ ᠳᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠪᠠ᠃ | ︽ᠬᠡᠷᠡᠭᠵᠢᠭᠦᠯᠬᠦ ᠠᠷᠭ᠎ᠠ︾ ᠳᠤ ︽ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠴᠠ ᠬᠠᠷᠢᠭᠤᠴᠠᠨ᠎ᠠ︾ ᠭᠡᠵᠦ ᠲᠣᠳᠣᠷᠬᠠᠢ ᠲᠣᠭᠲᠠᠭᠠᠵᠤ᠂ | ᠳᠠᠭᠠᠳᠬᠠᠭᠳᠠᠭᠴᠢ ᠶᠢ ᠳᠠᠭᠠᠳᠬᠠᠯ ᠤᠨ ᠪᠠᠶᠢᠭᠤᠯᠤᠮᠵᠢ ᠲᠠᠢ ᠬᠠᠮᠵᠢᠯᠴᠠᠨ ᠡᠡ᠊ᠨᠳᠡᠯ ᠢ ᠤᠷᠢᠳᠴᠢᠯᠠᠨ ᠰᠡᠷᠭᠡᠶᠢᠯᠡᠬᠦ | ᠦᠢᠯᠡᠴᠢᠯᠡᠭᠡ ᠥᠷᠨᠢᠭᠦᠯᠵᠦ᠂ ᠦᠢᠯᠡᠴᠢᠯᠡᠭᠡᠨ ᠤ ᠳᠤᠮᠳᠠ ᠣᠯᠵᠤ ᠮᠡᠳᠡᠭᠰᠡᠨ ᠦᠢᠯᠡᠳᠪᠦᠷᠢᠯᠡᠯ ᠤᠨ ᠠᠶᠤᠯᠭᠦᠢ ᠶᠢᠨ | ᠡᠡ᠊ᠨᠳᠡᠯ ᠤᠨ ᠲᠠᠯᠳᠠ ᠭᠡᠮ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠵᠠᠢ᠃ | ᠬᠤᠶᠠᠷ ᠲᠤ᠂ ᠳᠠᠭᠠᠳᠬᠠᠯ ᠤᠨ ᠪᠠᠶᠢᠭᠤᠯᠤᠮᠵᠢ ᠶᠢᠨ ᠡᠡ᠊ᠨᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ | ᠬᠠᠩᠭᠠᠬᠤ ᠱᠠᠭᠠᠷᠳᠠᠯᠭ᠎ᠠ ᠶᠢ ᠨᠠᠷᠢᠯᠠᠭᠵᠢᠭᠤᠯᠪᠠ᠃ ᠳᠠᠭᠠᠳᠬᠠᠯ ᠤᠨ ᠪᠠᠶᠢᠭᠤᠯᠤᠮᠵᠢ ᠨᠢ ᠠᠳᠡᠯ ᠢ ᠤᠷᠢᠳᠴᠢᠯᠠᠨ | ᠰᠡᠷᠭᠡᠶᠢᠯᠡᠬᠦ ᠦᠢᠯᠡᠴᠢᠯᠡᠭᠡᠨ ᠤ ᠪᠦᠯᠬᠦᠮ ᠨᠡᠶᠢᠲᠡ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠳᠠᠭᠠᠳᠬᠠᠯ ᠤᠨ ᠪᠠᠶᠢᠭᠤᠯᠤᠮᠵᠢ ᠶᠢᠨ ᠬᠠᠩᠭᠠᠭᠰᠠᠨ ᠠᠳᠡᠯ ᠢ ᠤᠷᠢᠳᠴᠢᠯᠠᠨ ᠰᠡᠷᠭᠡᠶᠢᠯᠡᠬᠦ | ᠦᠢᠯᠡᠴᠢᠯᠡᠭᠡᠨ ᠤ ᠲᠥᠷᠥᠯ ᠵᠦᠢᠯ ᠤᠨ ᠲᠥᠷᠥᠯ ᠬᠡᠯᠪᠡᠷᠢ ᠶᠢ ᠲᠣᠭᠲᠠᠭᠠᠵᠤ᠂ ᠡᠯ᠎ᠡ ᠭᠠᠵᠠᠷ ᠣᠷᠣᠨ ᠢ ᠠᠳᠡᠯ ᠢ | ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ ᠨᠠᠷᠢᠨ ᠳᠦᠷᠢᠮ ᠪᠤᠶᠤ ᠪᠠᠷᠢᠮᠵᠢᠶ᠎ᠠ ᠶᠢ ᠲᠣᠭᠲᠠᠭᠠᠬᠤ ᠪᠠᠷ | ᠳᠠᠮᠵᠢᠭᠤᠯᠤᠨ᠂ ᠠᠳᠠᠯᠢ ᠪᠤᠰᠤ ᠲᠥᠷᠥᠯ ᠬᠡᠯᠪᠡᠷᠢ ᠶᠢᠨ ᠳᠠᠭᠠᠳᠬᠠᠭᠳᠠᠭᠴᠢ ᠶᠢᠨ ᠦᠢᠯᠡᠴᠢᠯᠡᠭᠡᠨ ᠤ ᠲᠥᠷᠥᠯ ᠵᠦᠢᠯ | ᠵᠢᠴᠢ ᠳᠠᠪᠲᠠᠮᠵᠢ ᠤᠳᠠᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢ ᠱᠠᠭᠠᠷᠳᠠᠪᠠ᠃ | ᠭᠤᠷᠪᠠ ᠳᠤ᠂ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ | ᠳᠠᠭᠠᠳᠬᠠᠯ ᠤᠨ ᠪᠠᠶᠢᠭᠤᠯᠤᠮᠵᠢ ᠶᠢ ᠱᠠᠭᠠᠷᠳᠠᠵᠤ ᠪᠠᠶᠢᠭᠠᠳ ᠳᠠᠭᠠᠳᠬᠠᠭᠳᠠᠭᠴᠢ ᠳᠤ ᠡᠡ᠊ᠨᠳᠡᠯ ᠢ ᠤᠷᠢᠳᠴᠢᠯᠠᠨ | ᠰᠡᠷᠭᠡᠶᠢᠯᠡᠬᠦ ᠦᠢᠯᠡᠴᠢᠯᠡᠭᠡ ᠥᠷᠨᠢᠭᠦᠯᠬᠦ ᠶᠢ ᠵᠣᠬᠢᠴᠠᠩᠭᠤᠢ ᠬᠢᠷᠢ ᠬᠡᠮ ᠪᠤᠶᠤ ᠴᠢᠳᠠᠪᠤᠷᠢ ᠲᠠᠢ ᠠᠶᠤᠯᠭᠦᠢ | ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠬᠤ ᠬᠡᠷᠡᠭᠲᠡᠢ᠂ ᠪᠠᠰᠠ ᠠᠶᠤᠯᠭᠦᠢ | ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠪᠡᠯᠡ ᠣᠷᠣᠭᠤᠯᠤᠨ ᠡᠡ᠊ᠨᠳᠡᠯ ᠢ | ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ ᠥᠷᠨᠢᠭᠦᠯᠵᠦ ᠪᠣᠯᠣᠨ᠎ᠠ︔ ᠡᠡ᠊ᠨᠳᠡᠯ ᠢ ᠤᠷᠢᠳᠴᠢᠯᠠᠨ ᠰᠡᠷᠭᠡᠶᠢᠯᠡᠬᠦ | ᠦᠢᠯᠡᠴᠢᠯᠡᠭᠡ ᠥᠷᠨᠢᠭᠦᠯᠬᠦ ᠨᠠᠶᠢᠳᠠᠯᠭ᠎ᠠ ᠶᠢ ᠬᠦᠯᠢᠶᠡᠭᠰᠡᠨ ᠠᠶᠤᠯᠭᠦᠢ ᠦᠢᠯᠡᠳᠪᠦᠷᠢᠯᠡᠯ ᠤᠨ ᠮᠡᠷᠭᠡᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠬᠠᠤᠯᠢ ᠶᠣᠰᠣᠭᠠᠷ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠬᠤ ᠬᠡᠷᠡᠭᠲᠡᠢ᠂ | ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠬᠤᠳᠠᠯ ᠬᠠᠭᠤᠷᠮᠠᠭ ᠦᠢᠯᠡᠴᠢᠯᠡᠭᠡᠨ ᠤ ᠮᠡᠳᠡᠭᠦᠯᠦᠯᠲᠡ ᠭᠠᠷᠭᠠᠵᠤ | ᠪᠣᠯᠬᠤ ᠦᠭᠡᠢ᠃ | ᠳᠥᠷᠪᠡ ᠳᠤ᠂ ᠠᠳᠡᠯ ᠢ ᠰᠡᠷᠭᠡᠶᠢᠯᠡᠬᠦ ᠦᠢᠯᠡᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ | ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ ᠵᠠᠷᠤᠳᠠᠯ ᠤᠨ ᠣᠷᠣᠭᠤᠯᠤᠯᠲᠠ ᠶᠢᠨ ᠬᠡᠷᠡᠭᠴᠡᠭᠡ ᠶᠢ | ᠲᠣᠳᠣᠷᠬᠠᠶᠢᠯᠠᠵᠤ᠂ ᠡᠷᠬᠡᠪᠰᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠦᠭᠰᠢᠭᠦᠷᠢ ᠶᠢ ᠪᠠᠭᠠᠰᠬᠠᠬᠤ | ᠪᠤᠶᠤ ᠠᠳᠡᠯ ᠤᠨ ᠬᠤᠬᠢᠷᠠᠯ ᠢ ᠪᠠᠭᠠᠰᠬᠠᠬᠤ ᠪᠠᠷ ᠭᠤᠣᠯ ᠵᠣᠷᠢᠯᠭ᠎ᠠ ᠪᠣᠯᠭᠠᠵᠤ᠂ ᠳᠠᠭᠠᠳᠬᠠᠭᠳᠠᠭᠤᠯᠤᠭᠴᠢ ᠶᠢᠨ ᠠᠳᠡᠯ ᠢ | ᠤᠷᠢᠳᠴᠢᠯᠠᠨ ᠰᠡᠷᠭᠡᠶᠢᠯᠡᠬᠦ ᠪᠠ ᠬᠠᠮᠢᠶ᠎ᠠ ᠪᠦᠬᠦᠢ ᠮᠡᠷᠭᠡᠵᠢᠯ ᠤᠨ ᠳᠡᠮᠵᠢᠯᠭᠡ ᠶᠢᠨ ᠠᠵᠢᠯ ᠳᠤ ᠲᠤᠰᠬᠠᠢ ᠬᠡᠷᠡᠭᠯᠡᠬᠦ | ᠬᠡᠷᠡᠭᠲᠡᠢ ᠭᠡᠵᠦ ᠱᠠᠭᠠᠷᠳᠠᠪᠠ︔ ᠳᠠᠭᠠᠳᠬᠠᠯ ᠤᠨ ᠪᠠᠶᠢᠭᠤᠯᠤᠮᠵᠢ ᠶᠢ ᠱᠠᠭᠠᠷᠳᠠᠨ ᠠᠳᠡᠯ ᠢ ᠤᠷᠢᠳᠴᠢᠯᠠᠨ ᠰᠡᠷᠭᠡᠶᠢᠯᠡᠬᠦ | ᠦᠢᠯᠡᠴᠢᠯᠡᠭᠡᠨ ᠤ ᠵᠠᠷᠤᠳᠠᠯ ᠤᠨ ᠣᠷᠣᠭᠤᠯᠤᠯᠲᠠ ᠶᠢ ᠪᠠᠲᠤᠯᠠᠵᠤ᠂ ᠠᠶᠤᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠤᠨ ᠪᠣᠳᠠᠲᠠᠢ ᠳᠠᠭᠠᠳᠬᠠᠯ ᠤᠨ ᠵᠠᠷᠤᠳᠠᠯ ᠤᠨ 21% ᠠᠴᠠ ᠬᠡᠲᠦᠷᠡᠭᠦᠯᠵᠦ ᠪᠤᠯᠬᠤ ᠦᠭᠡᠢ᠂ ᠠᠳᠡᠯ ᠢ | ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ ᠲᠤᠰᠬᠠᠢ ᠲᠥᠰᠥᠪ ᠢ ᠲᠣᠭᠲᠠᠭᠠᠵᠤ᠂ ᠪᠣᠳᠠᠲᠠᠢ ᠵᠠᠷᠤᠯᠭ᠎ᠠ ᠶᠢ | ᠦᠨᠳᠦᠰᠦᠯᠡᠨ᠎ᠡ︔ ᠡᠯ᠎ᠡ ᠮᠤᠵᠢ ︵ᠣᠷᠣᠨ᠂ ᠬᠤᠲᠠ︶ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ᠂ ᠲᠤᠰ ᠭᠠᠵᠠᠷ ᠤᠨ | ᠪᠣᠳᠠᠲᠤ ᠪᠠᠶᠢᠳᠠᠯ ᠢ ᠦᠨᠳᠦᠰᠦᠯᠡᠨ ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ ᠵᠠᠷᠤᠳᠠᠯ ᠤᠨ ᠵᠢᠯ ᠤᠨ | ᠲᠥᠰᠥᠪ ᠤᠨ ᠬᠠᠷᠠᠯᠲᠠ ᠶᠢ ᠵᠦᠢ ᠵᠣᠬᠢᠰᠲᠠᠢ ᠲᠣᠭᠲᠠᠭᠠᠵᠤ ᠪᠣᠯᠣᠨ᠎ᠠ᠃ ᠡᠭᠦᠨ ᠤ ᠬᠠᠮᠲᠤ᠂ ︽ᠬᠡᠷᠡᠭᠵᠢᠭᠦᠯᠬᠦ ᠠᠷᠭ᠎ᠠ︾ | ᠨᠢ ᠳᠠᠭᠠᠳᠬᠠᠯ ᠤᠨ ᠬᠤᠯᠪᠣᠭᠳᠠᠯ ᠪᠦᠬᠦᠢ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠠᠰᠬᠠᠵᠤ᠂ | ᠳᠠᠭᠠᠳᠬᠠᠯ ᠤᠨ ᠪᠠᠶᠢᠭᠤᠯᠤᠮᠵᠢ ᠶᠢᠨ ᠠᠶᠤᠯ ᠶᠡᠬᠡᠲᠡᠢ ᠠᠵᠢᠯ ᠲᠥᠷᠥᠯ᠂ ᠬᠦᠷᠢᠶ᠎ᠡ ᠴᠠᠷᠠᠭ᠎ᠠ ᠶᠢᠨ ᠨᠢᠭᠡᠴᠢ ᠶᠢᠨ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠬᠠᠷᠢᠭᠤᠴᠠᠵᠤ᠂ ᠬᠥᠯᠥᠰᠦᠨ ᠮᠥᠩᠭᠦ ᠶᠢᠨ ᠬᠠᠷᠢᠴᠠᠯ ᠢ 5% ᠠᠴᠠ | ᠥᠨᠳᠥᠷ ᠪᠠᠶᠢᠯᠭᠠᠵᠤ ᠪᠣᠯᠬᠤ ᠦᠭᠡᠢ᠂ ᠠᠳᠡᠯ ᠢ ᠤᠷᠢᠳᠴᠢᠯᠠᠨ ᠰᠡᠷᠭᠡᠶᠢᠯᠡᠬᠦ ᠵᠡᠷᠭᠡ ᠵᠠᠷᠤᠯᠭ᠎ᠠ ᠶᠢ ᠨᠠᠩ ᠰᠠᠶᠢᠲᠤᠷ | ᠪᠠᠲᠤᠯᠠᠵᠤ᠂ ᠵᠣᠭᠤᠰ ᠢ ᠵᠠᠩᠭᠢᠯᠠᠭ᠎ᠠ ᠶᠢᠨ ᠭᠠᠵᠠᠷ ᠲᠤ ᠬᠡᠷᠡᠭᠯᠡᠨ᠎ᠡ᠃ | 6. ︽ᠬᠡᠷᠡᠭᠵᠢᠭᠦᠯᠬᠦ ᠠᠷᠭ᠎ᠠ︾ ᠳᠤ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ ᠠᠶᠤᠯᠭᠦᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠤᠨ ᠲᠥᠯᠥᠪᠦᠷᠢ ᠪᠠ ᠠᠳᠡᠯ ᠢ ᠰᠡᠷᠭᠡᠶᠢᠯᠡᠬᠦ ᠦᠢᠯᠡᠴᠢᠯᠡᠭᠡᠨ ᠤ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠳᠤ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖ | ᠬᠠᠷᠢᠭᠤᠯᠲᠠ᠄ ᠡᠩ ᠲᠡᠷᠢᠭᠦᠨ ᠳᠤ᠂ ︽ᠬᠡᠷᠡᠭᠵᠢᠭᠦᠯᠬᠦ ᠠᠷᠭ᠎ᠠ︾ ᠳᠤ ᠲᠥᠷᠥ ᠶᠢᠨ ᠶᠠᠪᠤᠳᠠᠯ ᠤᠨ ᠬᠤᠷᠢᠶᠠᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠥᠬᠦ ᠤᠯᠤᠰ ᠤᠨ ᠠᠶᠤᠯᠭᠦᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠤᠨ ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡᠨ ᠤ ᠬᠢᠨᠠᠯᠲᠠ | ᠲᠠᠯᠪᠢᠯᠲᠠ ᠶᠢ ᠭᠦᠨᠵᠡᠭᠡᠶᠢᠷᠡᠭᠦᠯᠦᠨ᠂ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠳᠠᠭᠠᠳᠬᠠᠯ ᠤᠨ ᠪᠠᠶᠢᠭᠤᠯᠤᠮᠵᠢ ᠨᠤᠭᠤᠳ | ᠳᠠᠭᠠᠳᠬᠠᠭᠳᠠᠭᠤᠯᠤᠭᠴᠢ ᠶᠢᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠣᠯᠣᠨ | ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ᠂ | ᠠᠳᠡᠯ ᠢ ᠰᠡᠷᠭᠡᠶᠢᠯᠡᠬᠦ ᠦᠢᠯᠡᠴᠢᠯᠡᠭᠡᠨ ᠤ ᠬᠠᠮᠢᠶ᠎ᠠ ᠪᠦᠬᠦᠢ ᠲᠤᠭ᠎ᠠ ᠪᠠᠷᠢᠮᠲᠠ ᠬᠠᠩᠭᠠᠬᠤ ᠬᠡᠷᠡᠭᠲᠡᠢ᠃ ᠳᠠᠭᠠᠳᠬᠠᠯ ᠤᠨ | ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠠᠳᠡᠯ ᠢ ᠰᠡᠷᠭᠡᠶᠢᠯᠡᠬᠦ ᠦᠢᠯᠡᠴᠢᠯᠡᠭᠡᠨ ᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠪᠠᠶᠢᠭᠤᠯᠵᠤ᠂ ᠠᠳᠡᠯ ᠢ ᠰᠡᠷᠭᠡᠶᠢᠯᠡᠬᠦ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ | ᠲᠤᠭ᠎ᠠ ᠪᠠᠷᠢᠮᠲᠠ᠂ ᠵᠠᠷᠤᠳᠠᠯ ᠤᠨ ᠡᠬᠡ ᠳᠠᠩᠰᠠ᠂ ᠳᠦᠷᠢᠮ ᠤᠨ ᠪᠠᠷᠢᠮᠵᠢᠶ᠎ᠠ᠂ ᠦᠢᠯᠡᠴᠢᠯᠡᠭᠡᠨ ᠤ ᠳᠠᠩᠰᠠ ᠡᠪᠬᠡᠮᠡᠯ ᠢ | ᠴᠤᠭᠯᠠᠭᠤᠯᠬᠤ ᠪᠠ ᠬᠠᠳᠠᠭᠠᠯᠠᠵᠤ᠂ ᠳᠣᠲᠣᠭᠠᠳᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠳᠠᠷᠠᠭᠠᠯᠠᠪᠠᠯ᠂ ᠳᠠᠭᠠᠳᠬᠠᠯ ᠤᠨ ᠠᠵᠢᠯ ᠲᠥᠷᠥᠯ ᠤᠨ ᠪᠦᠬᠦ ᠤᠯᠤᠰ ᠤᠨ ᠠᠶᠤᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠢ ᠵᠣᠬᠢᠶᠠᠨ ᠪᠠᠶᠢᠭᠤᠯᠬᠤ ᠶᠢ ᠳᠡᠮᠵᠢᠵᠦ᠂ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠮᠡᠳᠡᠭᠡ ᠵᠠᠩᠭᠢ ᠶᠢ ᠴᠤᠭᠯᠠᠭᠤᠯᠤᠨ ᠵᠠᠳᠠᠯᠵᠤ ᠂ ᠲᠥᠷᠥ ᠶᠢᠨ | ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠤ | ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠳᠠᠭᠠᠳᠬᠠᠭᠤᠯᠬᠤ ᠨᠢᠭᠡᠴᠢ ᠳᠤ ᠳᠠᠭᠠᠳᠬᠠᠯ ᠤᠨ ᠪᠠᠶᠢᠭᠤᠯᠤᠮᠵᠢ ᠪᠣᠯᠣᠨ | ᠳᠠᠭᠠᠳᠬᠠᠯ ᠤᠨ ᠬᠠᠭᠤᠳᠠᠰᠤ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡᠨ ᠬᠠᠩᠭᠠᠵᠤ᠂ | ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠥᠯᠥᠪᠦᠷᠢ ᠪᠣᠯᠣᠨ ᠠᠳᠡᠯ ᠢ ᠰᠡᠷᠭᠡᠶᠢᠯᠡᠬᠦ | ᠦᠢᠯᠡᠴᠢᠯᠡᠭᠡᠨ ᠳᠤ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ | 7. ︽ᠬᠡᠷᠡᠭᠵᠢᠭᠦᠯᠬᠦ ᠠᠷᠭ᠎ᠠ︾ ᠳᠤ ᠶᠠᠮᠠᠷ ᠶᠠᠮᠠᠷ ᠬᠢᠨᠠᠯᠲᠠ ᠲᠠᠯᠪᠢᠵᠤ ᠬᠢᠵᠠᠭᠠᠷᠯᠠᠬᠤ ᠠᠷᠭ᠎ᠠ ᠬᠡᠮᠵᠢᠶ᠎ᠡ ᠪᠠᠷ | ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠪᠣᠶ︖ | ᠬᠠᠷᠢᠭᠤᠯᠲᠠ᠄ ᠨᠢᠭᠡ ᠳᠤ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠪᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ | ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠮᠤᠵᠢ ᠶᠢᠨ ᠱᠠᠲᠤᠨ ᠤ | ᠰᠠᠯᠠᠭ᠎ᠠ ᠮᠥᠴᠢᠷ ᠤᠨ ᠬᠠᠷᠠᠭᠠᠯᠵᠠᠭᠰᠠᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠ ᠡᠭᠦᠷᠭᠡ | ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ | ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠵᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠠᠰᠢᠭᠲᠠᠢ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠳᠤ | ᠠᠰᠢᠭᠲᠠᠢ ᠭᠡᠵᠦ ᠲᠣᠭᠲᠠᠭᠠᠪᠠ᠃ | ᠬᠤᠶᠠᠷ ᠲᠤ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠪᠠ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ | ᠲᠣᠳᠣᠷᠬᠠᠶᠢᠯᠠᠪᠠ᠃ ᠳᠠᠭᠠᠳᠬᠠᠯ ᠤᠨ ᠪᠠᠶᠢᠭᠤᠯᠤᠮᠵᠢ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠪᠣᠯᠣᠨ | ᠨᠠᠶᠢᠳᠠᠯᠭ᠎ᠠ ᠪᠠᠷ ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ ᠥᠷᠨᠢᠭᠦᠯᠦᠭᠰᠡᠨ ᠠᠶᠤᠯᠭᠦᠢ | ᠦᠢᠯᠡᠳᠪᠦᠷᠢᠯᠡᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ᠂ ᠠᠶᠤᠯᠭᠦᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠢ ᠬᠡᠷᠡᠭᠵᠢᠭᠦᠯᠬᠦ ᠶᠠᠪᠤᠴᠠ ᠳᠤ ᠠᠮᠠᠷᠬᠠᠨ ᠭᠠᠷᠬᠤ ᠬᠠᠤᠯᠢ ᠲᠣᠭᠲᠠᠭᠠᠯ ᠠᠴᠠ ᠵᠥᠷᠢᠴᠡᠭᠰᠡᠨ | ᠪᠠᠶᠢᠳᠠᠯ ᠤᠳ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ᠂ ᠪᠣᠯᠵᠣᠨ | ᠶᠠᠷᠢᠯᠴᠠᠬᠤ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠶᠢ ᠳᠤᠷᠠᠳᠴᠤ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠠᠵᠢᠯ ᠲᠦᠷᠦᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠲᠣᠳᠣᠷᠬᠠᠶᠢᠯᠠᠵᠤ᠂ ᠪᠦᠬᠦ | ᠲᠠᠯ᠎ᠠ ᠪᠠᠷ ᠬᠠᠮᠤᠷᠬᠤ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠲᠠᠯᠪᠢᠬᠤ ᠬᠠᠮᠲᠤᠷᠠᠯ ᠤᠨ | ᠬᠦᠴᠦᠨ ᠢ ᠪᠦᠷᠢᠯᠳᠦᠭᠦᠯᠬᠦ ᠶᠢ ᠪᠠᠲᠤᠯᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ | ᠵᠢᠷᠤᠮᠵᠢᠭᠤᠯᠤᠨ ᠠᠵᠢᠯᠯᠠᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ | ᠭᠤᠷᠪᠠ ᠳᠤ᠂ ᠠᠳᠡᠯ ᠢ ᠤᠷᠢᠳᠴᠢᠯᠠᠨ ᠰᠡᠷᠭᠡᠶᠢᠯᠡᠬᠦ ᠦᠢᠯᠡᠴᠢᠯᠡᠭᠡ ᠶᠢ ᠦᠨᠡᠯᠡᠨ ᠵᠢᠱᠢᠵᠦ ᠢᠯᠡ ᠨᠡᠶᠢᠲᠡᠯᠡᠬᠦ | ᠳᠦᠷᠢᠮ ᠢ ᠲᠣᠳᠣᠷᠬᠠᠢ ᠲᠣᠭᠲᠠᠭᠠᠪᠠ᠃ ᠲᠤᠰ ᠳᠦᠷᠢᠮ ᠢᠶᠠᠷ ᠳᠠᠮᠵᠢᠨ ᠢᠯᠡ ᠲᠣᠳᠣ ᠶᠢᠨ ᠬᠡᠮᠵᠢᠶ᠎ᠡ ᠶᠢ | ᠨᠡᠮᠡᠭᠳᠡᠭᠦᠯᠵᠦ᠂ ᠨᠡᠶᠢᠭᠡᠮ ᠤᠨ ᠬᠢᠨᠠᠯᠲᠠ ᠶᠢ ᠴᠢᠩᠭᠠᠳᠬᠠᠬᠤ ᠬᠡᠷᠡᠭᠲᠡᠢ᠃ | ᠳᠥᠷᠪᠡ ᠳᠤ᠂ ᠣᠨᠳᠣᠣ ᠭᠠᠵᠠᠷ ᠲᠤ ᠳᠠᠭᠠᠳᠬᠠᠭᠤᠯᠬᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ | ᠠᠰᠠᠭᠤᠳᠠᠯ ᠢ ᠰᠢᠯᠤᠭᠤᠳᠬᠠᠪᠠ᠃ ᠡᠯ᠎ᠡ ᠲᠠᠯ᠎ᠠ ᠶᠢᠨ ᠬᠢᠨ ᠤ ᠲᠤᠰᠬᠠᠯ ᠨᠡᠯᠢᠶᠡᠳ ᠣᠯᠠᠨ ᠪᠠᠶᠢᠭ᠎ᠠ ᠭᠠᠵᠠᠷ ᠲᠤ | ᠳᠠᠭᠠᠳᠬᠠᠭᠤᠯᠤᠭᠰᠠᠨ ᠠᠰᠠᠭᠤᠳᠠᠯ ᠳᠤ ᠴᠢᠭᠯᠡᠭᠦᠯᠦᠨ᠂ ᠲᠥᠪ ᠤᠨ ᠠᠵᠤ ᠠᠬᠤᠶᠢᠯᠠᠯ ᠪᠤᠶᠤ ᠪᠥᠭᠡᠮᠨᠡᠷᠡᠯ ᠤᠨ | ᠬᠡᠯᠪᠡᠷᠢ ᠶᠢᠨ ᠠᠵᠤ ᠠᠬᠤᠶᠢᠯᠠᠯ ᠤᠨ ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠬᠤ ᠪᠠ ᠠᠳᠡᠯ ᠢ ᠰᠡᠷᠭᠡᠶᠢᠯᠡᠬᠦ ᠦᠢᠯᠡᠴᠢᠯᠡᠭᠡᠨ ᠤ ᠠᠵᠢᠯ ᠢ | ᠲᠣᠳᠣᠷᠬᠠᠶᠢᠯᠠᠵᠤ᠂ ᠪᠣᠳᠠᠲᠠᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠭ᠎ᠠ ᠭᠠᠵᠠᠷ ᠤᠨ ᠬᠤᠲᠠ ᠶᠢᠨ ᠱᠠᠲᠤ ᠵᠢᠴᠢ | ᠲᠡᠭᠦᠨ ᠠᠴᠠ ᠳᠡᠭᠡᠭᠰᠢᠬᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠠᠮᠢᠶ᠎ᠠ ᠪᠦᠬᠦᠢ | ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠠᠤᠯᠢ | ᠶᠣᠰᠣᠭᠠᠷ ᠬᠦᠯᠢᠶᠡᠬᠦ ᠬᠡᠷᠡᠭᠲᠡᠢ᠃ | ᠲᠠᠪᠤ ᠳᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠠᠵᠢᠯᠯᠠᠭ᠎ᠠ ᠶᠢ | ᠵᠢᠷᠤᠮᠵᠢᠭᠤᠯᠪᠠ᠃ ᠵᠠᠬ᠎ᠠ ᠳᠡᠯᠭᠡᠭᠦᠷ ᠤᠨ ᠡᠷᠬᠡ ᠲᠡᠭᠰᠢ ᠪᠠᠷ ᠥᠷᠢᠰᠦᠯᠳᠦᠬᠦ ᠶᠢ ᠬᠢᠵᠠᠭᠠᠷᠯᠠᠬᠤ ᠦᠵᠡᠭᠳᠡᠯ | ᠭᠠᠷᠬᠤ ᠠᠴᠠ ᠰᠡᠷᠭᠡᠶᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠣᠯᠣᠨ ᠬᠠᠮᠢᠶ᠎ᠠ ᠪᠦᠬᠦᠢ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠵᠦ | ᠪᠣᠯᠬᠤ ᠦᠭᠡᠢ ᠭᠡᠳᠡᠭ ᠢ ᠤᠯᠠᠮ ᠨᠢᠭᠡ ᠠᠯᠬᠤᠮ ᠴᠢᠬᠤᠯᠠᠴᠢᠯᠠᠨ᠂ ᠵᠠᠬ᠎ᠠ ᠳᠡᠯᠭᠡᠭᠦᠷ ᠤᠨ ᠡᠷᠬᠡ ᠲᠡᠭᠰᠢ ᠪᠠᠷ | ᠥᠷᠢᠰᠦᠯᠳᠦᠬᠦ ᠶᠢ ᠭᠠᠳᠠᠭᠤᠷᠴᠢᠯᠠᠬᠤ᠂ ᠬᠢᠵᠠᠭᠠᠷᠯᠠᠬᠤ ᠪᠤᠶᠤ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠰᠠᠯᠭᠠᠬᠤ᠂ | ᠬᠤᠪᠢᠶᠠᠷᠢᠯᠠᠬᠤ ᠪᠤᠶᠤ ᠠᠶᠤᠯᠭᠦᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠠᠵᠢᠯᠯᠠᠭ᠎ᠠ ᠳᠤ ᠲᠣᠭᠲᠠᠭᠠᠯ ᠠᠴᠠ ᠵᠥᠷᠢᠴᠡᠨ ᠭᠠᠷ ᠲᠦᠷᠦᠭᠦ ᠶᠢ ᠰᠡᠷᠭᠡᠶᠢᠯᠡᠵᠦ᠂ ᠠᠶᠤᠯᠭᠦᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ ᠬᠡᠷᠡᠭᠵᠢᠭᠦᠯᠬᠦ ᠶᠠᠪᠤᠴᠠ ᠳᠤ ᠬᠡᠯᠪᠡᠷᠢ ᠳᠦᠷᠰᠦ ᠶᠢ ᠨᠢ | ᠬᠤᠪᠢᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠬᠤ ᠶᠢ ᠰᠡᠷᠭᠡᠶᠢᠯᠡᠬᠦ ᠬᠡᠷᠡᠭᠲᠡᠢ᠃ | | | | | ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠣᠯᠠᠨ ᠨᠡᠶᠢᠲᠡ ᠶᠢᠨ ᠳ᠋ᠤᠭᠠᠷ |