ᠰᠠᠶᠢᠬᠠᠨ ᠲᠣᠭᠤᠷᠢᠭ ᠰᠦᠯᠵᠢᠶᠡᠨ ᠤ ᠢᠳᠡᠭᠡᠨ ᠤᠮᠳᠠᠭᠠᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/9
      ᠬᠠᠷᠢᠶᠠᠲᠤ ᠣᠷᠣᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠭᠤᠷᠪᠠᠳᠠᠭᠢ ᠡᠲᠡᠭᠡᠳ ᠤᠨ ᠲᠠᠪᠴᠠᠩ ᠤᠨ ᠪᠣᠷᠤᠯᠠᠭᠤᠯᠭ᠎ᠠ ᠶᠢᠨ ᠬᠡᠮᠵᠢᠶ᠎ᠡ ᠪᠠᠷ ᠥᠨᠳᠥᠷ ︽ᠰᠦᠯᠵᠢᠶᠡᠨ ᠤ ᠬᠤᠭᠤᠯᠠᠨ ᠭᠡᠷ︾ ᠪᠠᠷ ᠭᠤᠣᠯᠳᠠᠯᠭ᠎ᠠ ᠪᠣᠯᠭᠠᠵᠤ᠂ 123. 15᠂ 12345 ᠲᠠᠪᠴᠠᠩ ᠤᠨ ᠬᠡᠷᠡᠭᠯᠡᠭᠴᠢᠳ ᠤᠨ ᠲᠤᠰᠬᠠᠯ ᠨᠡᠯᠢᠶᠡᠳ ᠲᠥᠪᠯᠡᠷᠡᠭᠰᠡᠨ ᠣᠷᠣᠨ ᠪᠦᠰᠡ ᠲᠠᠢ ᠤᠶᠠᠯᠳᠤᠭᠤᠯᠤᠨ᠂ ᠰᠦᠯᠵᠢᠶᠡᠨ ᠤ ᠢᠳᠡᠭᠡᠨ ᠤᠮᠳᠠᠭᠠᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃
图片 14.png     
      ᠲᠤᠰᠬᠠᠢ ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠠᠷᠤ ᠲᠣᠭᠤᠭᠠᠨ ᠭᠡᠷ ᠤᠨ ᠡᠷᠡᠭᠦᠯ ᠬᠠᠮᠠᠭᠠᠯᠠᠯ ᠤᠨ ᠪᠠᠶᠢᠳᠠᠯ᠂ ᠢᠳᠡᠭᠡᠨ ᠤ ᠮᠠᠲ᠋ᠧᠷᠢᠶᠠᠯ ᠤᠨ ᠬᠤᠳᠠᠯᠳᠤᠨ ᠠᠪᠬᠤ ᠡᠬᠢ ᠰᠤᠷᠪᠤᠯᠵᠢ ᠬᠢᠭᠡᠳ ᠬᠠᠳᠠᠭᠠᠯᠠᠬᠤ ᠨᠥᠬᠦᠴᠡᠯ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠦᠨᠡᠮᠯᠡᠯ ᠠᠪᠴᠤ ᠪᠠᠶᠢᠭ᠎ᠠ ᠪᠠᠶᠢᠳᠠᠯ ᠵᠢᠴᠢ ︽ᠢᠨᠲ᠋ᠧᠷ ᠰᠦᠯᠵᠢᠶ᠎ᠡ + ᠲᠣᠭᠤᠭᠠᠨ ᠭᠡᠷ︾ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠪᠠᠶᠢᠴᠠᠭᠠᠪᠠ᠃ ᠲᠣᠰ ᠤᠳᠠᠭᠠᠨ ᠤ ᠲᠥᠪᠯᠡᠷᠡᠭᠦᠯᠦᠨ ᠵᠠᠰᠠᠬᠤ ᠲᠤᠰᠬᠠᠢ ᠠᠵᠢᠯᠯᠠᠭ᠎ᠠ ᠪᠠᠷ ᠳᠠᠮᠵᠢᠭᠤᠯᠤᠨ︽ᠢᠨᠲ᠋ᠧᠷ ᠰᠦᠯᠵᠢᠶᠡᠨ ᠤ ᠢᠯᠡ ᠲᠣᠭᠤᠭ᠎ᠠ ᠶᠢ ᠢᠯᠡ ᠪᠣᠯᠭᠠᠬᠤ︾ ᠶᠢ ᠤᠯᠠᠮ ᠨᠢᠭᠡ ᠠᠯᠬᠤᠮ ᠠᠬᠢᠭᠤᠯᠪᠠ᠃ ᠲᠣᠰ ᠤᠳᠠᠭᠠᠨ ᠤ ᠲᠥᠪᠯᠡᠷᠡᠭᠦᠯᠦᠨ ᠵᠠᠰᠠᠬᠤ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 573 ᠬᠥᠮᠥᠨ ᠤᠳᠠᠭ᠎ᠠ ᠬᠥᠳᠡᠯᠭᠡᠵᠦ᠂ 165 ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠪᠠᠶᠢᠴᠠᠭᠠᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ 3 ᠳᠡᠯᠭᠡᠭᠦᠷ ᠲᠤ ᠳᠣᠩᠭᠤᠳᠴᠤ᠂ 51 ᠳᠡᠯᠭᠡᠭᠦᠷ ᠢ ᠵᠠᠷᠯᠢᠭᠳᠠᠵᠤ ᠲᠤᠬᠠᠢ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠵᠤ᠂ 2 ᠬᠠᠤᠯᠢ ᠬᠡᠷᠡᠭᠵᠢᠭᠦᠯᠬᠦ ᠠᠵᠢᠯᠲᠠᠨ ᠲᠠᠢ ᠪᠣᠯᠵᠣᠨ ᠶᠠᠷᠢᠯᠴᠠᠵᠤ᠂ 6 ᠡᠷᠦᠬᠡ ᠶᠢ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠪᠡ᠃           ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠰᠦᠯᠵᠢᠶᠡᠨ ᠤ ᠢᠳᠡᠭᠡᠨ ᠤᠮᠳᠠᠭᠠᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ 123. 12345 ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠲᠤᠰᠬᠠᠢ ᠴᠡᠭᠴᠡᠯᠡᠨ ᠵᠠᠰᠠᠬᠤ ᠵᠢᠴᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠤ᠂ ᠬᠡᠷᠡᠭᠯᠡᠭᠴᠢᠳ ᠲᠤ ᠰᠦᠯᠵᠢᠶᠡᠨ ᠤ ᠢᠳᠡᠭᠡᠨ ᠤᠮᠳᠠᠭᠠᠨ ᠤ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃ ᠡᠭᠦᠨ ᠤ ᠬᠠᠮᠲᠤ᠂ ᠰᠦᠯᠵᠢᠶᠡᠨ ᠤ ᠢᠳᠡᠭᠡᠨ ᠤᠮᠳᠠᠭᠠᠨ ᠤ ᠭᠤᠷᠪᠠᠳᠠᠭᠢ ᠡᠲᠡᠭᠡᠳ ᠤᠨ ᠲᠠᠪᠴᠠᠩ ᠢ ᠴᠢᠩᠭ᠎ᠠ ᠵᠢᠷᠤᠮᠵᠢᠭᠤᠯᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠦᠯᠵᠢᠶᠡᠨ ᠳᠤ ᠣᠷᠣᠭᠤᠯᠤᠭᠰᠠᠨ ᠢᠳᠡᠭᠡᠨ ᠤᠮᠳᠠᠭᠠᠨ ᠤ ᠨᠢᠭᠡᠴᠡ ᠳᠤ ᠬᠢᠷᠢ ᠬᠡᠮ ᠢ ᠬᠢᠨᠠᠨ ᠪᠠᠶᠢᠴᠠᠭᠠᠬᠤ᠂ ᠢᠯᠡ ᠨᠡᠶᠢᠲᠡᠯᠡᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠢᠳᠡᠭᠡᠨ ᠤ ᠠᠮᠤᠷ ᠲᠦᠪᠰᠢᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃           ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号