| | ᠣᠶᠢᠷ᠎ᠠ ᠶᠢᠨ ᠵᠢᠯ ᠠᠴᠠ᠂ ᠭᠦᠭᠡᠬᠤᠲᠠ ︽ᠢᠨᠲ᠋ᠧᠷ ᠰᠦᠯᠵᠢᠶ᠎ᠡ + ᠣᠷᠣᠰᠢᠭᠤᠯᠭ᠎ᠠ ᠶᠢᠨ ᠦᠢᠯᠡᠴᠢᠯᠡᠭᠡ︾ ᠶᠢ | ᠵᠠᠯᠭᠠᠭ᠎ᠠ ᠪᠠᠷ ᠠᠬᠢᠭᠤᠯᠵᠤ᠂ ᠣᠶᠤᠨᠴᠢ ᠣᠷᠣᠰᠢᠭᠤᠯᠭ᠎ᠠ ᠶᠢᠨ ︽ᠨᠢᠭᠡ ᠦᠷᠳᠡᠭᠡ ᠮᠠᠶ᠋ᠢᠭ︾ ᠤᠨ ᠦᠢᠯᠡᠴᠢᠯᠡᠭᠡ᠂ | ︽ᠡᠭᠦᠯᠡᠨ ᠲᠠᠭᠢᠯᠭ᠎ᠠ︾ ᠲᠣᠭᠠᠴᠢᠯᠠᠭᠰᠠᠨ ᠦᠢᠯᠡᠴᠢᠯᠡᠭᠡ᠂ 24 ᠴᠠᠭ ᠤᠨ ᠣᠷᠣᠰᠢᠭᠤᠯᠭ᠎ᠠ ᠶᠢᠨ ᠲᠤᠰᠬᠠᠢ | ᠤᠲᠠᠰᠤᠨ ᠤ ᠦᠢᠯᠡᠴᠢᠯᠡᠭᠡ ᠵᠡᠷᠭᠡ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠠᠪᠴᠤ᠂ ᠣᠶᠤᠨᠴᠢ ᠣᠷᠣᠰᠢᠭᠤᠯᠭ᠎ᠠ᠂ | ᠰᠦᠯᠵᠢᠶᠡᠨ ᠳᠡᠭᠡᠷ᠎ᠡ ᠲᠡᠭᠢᠯᠭ᠎ᠠ ᠬᠢᠵᠦ ᠳᠤᠷᠠᠰᠤᠨ ᠰᠠᠨᠠᠭᠠᠯᠵᠠᠬᠤ ᠶᠢ ᠬᠡᠷᠡᠭᠵᠢᠭᠦᠯᠪᠡ᠃ | | | 2024 ᠣᠨ ᠤ 7 ᠰᠠᠷ᠎ᠠ ᠳᠤ᠂ ᠲᠣᠰ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ | ︽ᠭᠦᠭᠡᠬᠤᠲᠠ ᠶᠢᠨ ᠣᠷᠣᠰᠢᠭᠤᠯᠭ᠎ᠠ︾ ᠲᠠᠪᠴᠠᠩ ᠢ ᠨᠡᠭᠡᠭᠡᠨ ᠠᠵᠢᠯᠯᠠᠭᠤᠯᠵᠤ᠂ ᠰᠦᠯᠵᠢᠶᠡᠨ ᠳᠡᠭᠡᠷ᠎ᠡ ᠲᠥᠷᠥ ᠶᠢᠨ | ᠪᠣᠳᠣᠯᠭ᠎ᠠ ᠶᠢᠨ ᠵᠥᠪᠯᠡᠯᠭᠡ ᠥᠭᠬᠦ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠲᠤᠬᠠᠶᠢᠯᠠᠭᠰᠠᠨ ᠠᠵᠢᠯ | ᠭᠦᠢᠴᠡᠳᠬᠡᠬᠦ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠵᠡᠷᠭᠡ ᠣᠯᠠᠨ ᠵᠦᠢᠯ ᠤᠨ ᠲᠤᠬᠠᠶᠢᠯᠠᠭᠰᠠᠨ ᠠᠵᠢᠯ ᠢ | ᠥᠷᠨᠢᠭᠦᠯᠵᠦ᠂ ᠣᠶᠤᠨᠴᠢ ᠣᠷᠣᠰᠢᠭᠤᠯᠭ᠎ᠠ ᠶᠢᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ᠂ | ᠣᠷᠣᠰᠢᠭᠤᠯᠭ᠎ᠠ ᠶᠢᠨ ᠦᠢᠯᠡᠴᠢᠯᠡᠭᠡ ᠶᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠨᠠᠰᠤ | ᠪᠠᠷᠠᠭᠰᠠᠳ ᠤᠨ ᠭᠡᠷ ᠪᠦᠯᠢ ᠶᠢᠨ ᠬᠢᠨ ᠳᠤ ᠲᠤᠶᠢᠯ ᠤᠨ ᠶᠡᠭᠡ ᠲᠥᠭᠦᠮ ᠦᠵᠡᠭᠦᠯᠵᠦ᠂ ᠠᠵᠢᠯ ᠶᠠᠪᠤᠳᠠᠯ ᠭᠦᠢᠴᠡᠳᠬᠡᠬᠦ | ᠦᠷ᠎ᠡ ᠪᠦᠲᠦᠮᠵᠢ ᠶᠢ 40% ᠪᠠᠷ ᠳᠡᠭᠡᠭᠰᠢᠯᠡᠭᠦᠯᠵᠤ᠂ ᠣᠳᠣᠬᠠᠨ ᠳᠤ᠂ ᠨᠢᠭᠡᠨᠲᠡ 5426 ᠭᠡᠷ ᠪᠦᠯᠢ ᠳᠤ | ᠰᠦᠯᠵᠢᠶᠡᠨ ᠳᠡᠭᠡᠷᠡᠬᠢ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠬᠠᠩᠭᠠᠵᠠᠢ᠃ | | | 2023 ᠣᠨ ᠳᠤ᠂ ᠭᠦᠭᠡᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠᠰᠠ | ︽ᠭᠦᠭᠡᠬᠤᠲᠠ ᠶᠢᠨ ᠡᠭᠦᠯᠡᠨ ᠲᠠᠭᠢᠯᠭ᠎ᠠ︾ ᠶᠢᠨ ᠲᠠᠪᠴᠠᠩ ᠢ ᠨᠡᠭᠡᠭᠡᠵᠦ᠂ ᠥᠷᠭᠡᠨ ᠣᠯᠠᠨ ᠬᠤᠲᠠ ᠶᠢᠨ ᠠᠷᠠᠳ | ᠵᠢᠷᠭᠢᠶ᠎ᠡ ᠠᠴᠠ ᠬᠠᠶᠢᠬᠤ ᠪᠤᠶᠤ ᠺᠣᠳ᠋ ᠰᠢᠷᠪᠢᠬᠦ ᠪᠠᠷ ᠳᠡᠮᠵᠢᠨ ︽ᠭᠦᠭᠡᠬᠤᠲᠠ ᠶᠢᠨ ᠣᠷᠣᠰᠢᠭᠤᠯᠭ᠎ᠠ︾ ᠵᠢᠵᠢᠭ | ᠫᠷᠣᠭ᠍ᠷᠠᠮ ᠳᠤ ᠣᠷᠣᠵᠤ᠂ ︽ᠭᠦᠭᠡᠬᠤᠲᠠ ᠶᠢᠨ ᠡᠭᠦᠯᠡᠨ ᠲᠠᠭᠢᠯᠭ᠎ᠠ︾ ᠭᠡᠬᠦ ᠳᠠᠷᠤᠪᠴᠢ ᠶᠢ ᠳᠣᠶ᠋ᠢᠵᠤ᠂ ᠣᠩᠭᠤᠨ ᠤ | ᠬᠦᠷᠢᠶᠡᠯᠡᠩ ᠢ ᠰᠣᠩᠭᠤᠵᠤ ᠳᠤᠷᠠᠰᠬᠠᠯ ᠤᠨ ᠣᠷᠳᠣᠨ ᠪᠠᠶᠢᠭᠤᠯᠤᠭᠰᠠᠨ ᠤ ᠳᠠᠷᠠᠭ᠎ᠠ᠂ ᠰᠦᠯᠵᠢᠶᠡᠨ ᠳᠡᠭᠡᠷᠡᠬᠢ | ᠲᠠᠭᠢᠯᠭ᠎ᠠ ᠬᠢᠵᠦ ᠭᠠᠰᠢᠭᠤᠳᠠᠯ ᠢᠶᠠᠨ ᠢᠯᠡᠳᠬᠡᠵᠦ ᠪᠣᠯᠣᠨ᠎ᠠ᠃ ᠲᠣᠰ ᠲᠠᠪᠴᠠᠩ ᠨᠡᠭᠡᠭᠡᠭᠳᠡᠭᠰᠡᠨ ᠤ ᠳᠠᠷᠠᠭ᠎ᠠ᠂ ᠬᠠᠷᠢ | ᠨᠤᠲᠤᠭ ᠲᠤ ᠪᠠᠶᠢᠭ᠎ᠠ ᠬᠥᠮᠥᠰ ᠬᠦᠷᠴᠦ ᠢᠷᠡᠬᠦ ᠴᠢᠬᠤᠯᠠ ᠦᠭᠡᠢ ᠪᠣᠯᠵᠤ᠂ ᠰᠦᠯᠵᠢᠶ᠎ᠡ ᠪᠠᠷ ᠳᠠᠮᠵᠢᠨ ᠨᠠᠰᠤ | ᠪᠠᠷᠠᠭᠰᠠᠨ ᠲᠥᠷᠥᠯ ᠰᠠᠳᠤᠨ ᠳᠠᠭᠠᠨ ᠴᠡᠴᠡᠭ ᠬᠦᠷᠭᠡᠵᠦ᠂ ᠬᠦᠵᠢ ᠡᠷᠭᠦᠨ᠂ ᠲᠥᠪ ᠶᠡᠬᠡᠮᠰᠦᠭ ᠢᠶᠠᠷ ᠲᠠᠭᠢᠯᠭ᠎ᠠ ᠬᠢᠵᠦ | ᠪᠣᠯᠣᠨ᠎ᠠ᠃ ᠡᠨᠡ ᠵᠢᠯ ᠠᠴᠠ ᠨᠠᠭᠠᠰᠢ᠂ ᠨᠢᠭᠡᠨᠲᠡ 11684 ᠬᠥᠮᠥᠨ ︽ᠰᠦᠯᠵᠢᠶᠡᠨ ᠳᠡᠭᠡᠷᠡᠬᠢ ᠡᠭᠦᠯᠡᠨ ᠲᠠᠭᠢᠯᠭ᠎ᠠ︾ | ᠪᠠᠷ ᠳᠡᠮᠵᠢᠨ ᠨᠠᠰᠤ ᠪᠠᠷᠠᠭᠰᠠᠨ ᠲᠥᠷᠥᠯ ᠰᠠᠳᠤᠨ ᠭᠡᠷ ᠤᠨ ᠬᠥᠮᠥᠰ ᠢᠶᠠᠨ ᠳᠠᠭᠢᠵᠤ᠂ ᠳᠥᠭᠦᠮ ᠳᠥᠲᠡ ᠮᠥᠷᠲᠡᠭᠡᠨ | ᠪᠣᠬᠢᠷᠳᠤᠯ ᠦᠭᠡᠢ ᠪᠠᠶᠢᠬᠤ ᠶᠢ ᠪᠡᠶᠡᠯᠡᠭᠦᠯᠪᠡ᠃ | | | 2024 ᠣᠨ ᠤ 7 ᠰᠠᠷ᠎ᠠ ᠳᠤ᠂ ᠲᠣᠰ ᠬᠤᠲᠠ ᠶᠢᠨ ᠨᠡᠭᠡᠭᠡᠭᠰᠡᠨ ︽96444︾ ᠣᠷᠣᠰᠢᠭᠤᠯᠭ᠎ᠠ ᠶᠢᠨ | ᠦᠢᠯᠡᠴᠢᠯᠡᠭᠡᠨ ᠤ ᠲᠤᠰᠬᠠᠢ ᠤᠲᠠᠰᠤ ᠨᠢ ︽24 ᠴᠠᠭ︾ ᠢᠶᠠᠷ ᠦᠢᠯᠡᠴᠢᠯᠡᠬᠦ ᠳᠦᠷᠢᠮ ᠢ ᠬᠡᠷᠡᠭᠵᠢᠭᠦᠯᠵᠦ᠂ | ᠠᠷᠠᠳ ᠲᠤ ᠲᠥᠭᠦᠮ ᠦᠵᠡᠭᠦᠯᠭᠦ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠶᠠᠮᠠᠷᠪᠠ | ᠴᠠᠭ ᠲᠤ ᠲᠤᠰᠬᠠᠢ ᠤᠲᠠᠰᠤ ᠪᠠᠷ ᠳᠠᠮᠵᠢᠨ ᠲᠤᠬᠠᠶᠢᠯᠠᠭᠰᠠᠨ ᠠᠵᠢᠯ ᠭᠦᠢᠴᠡᠳᠬᠡᠵᠦ᠂ ᠠᠰᠠᠭᠤᠨ ᠯᠠᠪᠯᠠᠵᠤ᠂ | ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠣᠨ᠎ᠠ᠃ ᠲᠣᠰ ᠣᠷᠣᠰᠢᠭᠤᠯᠭ᠎ᠠ ᠶᠢᠨ ᠦᠢᠯᠡᠴᠢᠯᠡᠭᠡᠨ ᠤ ᠲᠤᠰᠬᠠᠢ ᠤᠲᠠᠰᠤ | ᠠᠰᠢᠭᠯᠠᠯᠲᠠ ᠳᠤ ᠣᠷᠣᠭᠰᠠᠨ ᠠᠴᠠ ᠨᠠᠭᠠᠰᠢ᠂ ᠠᠵᠢᠯᠲᠠᠳ ᠭᠥᠯᠢᠶᠡᠨ ᠠᠪᠴᠤ ᠦᠢᠯᠡᠴᠢᠯᠡᠬᠦ ᠶᠠᠪᠤᠴᠠ ᠳᠠᠭᠠᠨ᠂ | ᠠᠷᠠᠳ ᠲᠤ ᠠᠰᠢᠭ ᠬᠦᠷᠲᠡᠭᠡᠬᠦ ᠣᠶᠤᠨᠴᠢ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ | ᠤᠬᠠᠭᠤᠯᠵᠤ᠂ ᠣᠯᠠᠨ ᠲᠦᠮᠡᠨ ᠤ ᠣᠷᠣᠰᠢᠭᠤᠯᠭ᠎ᠠ ᠶᠢ ᠪᠣᠯᠪᠠᠰᠤᠨ ᠢᠶᠠᠷ ᠬᠢᠬᠦ᠂ ᠪᠣᠯᠪᠠᠰᠤᠨ ᠢᠶᠠᠷ ᠲᠠᠭᠢᠯᠭ᠎ᠠ ᠬᠢᠬᠦ ᠶᠢ | ᠬᠥᠲᠥᠯᠥᠨ ᠵᠢᠯᠤᠭᠤᠳᠴᠤ᠂ ᠣᠲᠣ ᠨᠢᠭᠡᠨᠲᠡ ᠰᠦᠯᠵᠢᠶᠡᠨ ᠳᠡᠭᠡᠷ᠎ᠡ 6000 ᠰᠢᠬᠠᠮ ᠬᠥᠮᠥᠨ ᠤᠳᠠᠭ᠎ᠠ | ᠦᠢᠯᠡᠴᠢᠯᠡᠭᠡ ᠬᠠᠩᠭᠠᠵᠤ᠂ ᠣᠷᠣᠰᠢᠭᠤᠯᠭ᠎ᠠ ᠬᠢᠵᠦ ᠥᠩᠭᠡᠷᠡᠭᠰᠡᠨ 741 ᠣᠯᠠᠨ ᠲᠦᠮᠡᠨ ᠢ ᠲᠠᠰᠢᠷᠠᠮ ᠢᠶᠠᠷ ᠬᠠᠷᠢᠭᠤ | ᠰᠤᠷᠪᠤᠯᠵᠢᠯᠠᠵᠤ᠂ ᠣᠯᠠᠨ ᠲᠦᠮᠡᠨ ᠤ ᠣᠷᠣᠰᠢᠭᠤᠯᠭ᠎ᠠ ᠶᠢᠨ ᠦᠢᠯᠡᠴᠢᠯᠡᠭᠡ ᠶᠢᠨ ᠲᠤᠬᠠᠢ ᠬᠠᠨᠤᠮᠵᠢ ᠶᠢᠨ ᠨᠣᠷᠮ᠎ᠠ 95 | % ᠠᠴᠠ ᠳᠡᠭᠡᠭᠰᠢ ᠳᠤ ᠬᠦᠷᠴᠡᠢ᠃ |