ᠠᠵᠤ ᠠᠬᠤᠶᠢᠯᠠᠯ ᠤᠨ ᠲᠤᠰᠠᠳᠠ ᠳᠥᠷᠪᠡᠨ ᠰᠠᠯᠠᠭ᠎ᠠ ᠮᠥᠴᠢᠷ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ︕
ᠨᠡᠶᠢᠲᠡᠯᠡᠭᠰᠡᠨ ᠴᠠᠭ᠄
2025/4/9
      ᠠᠵᠤ ᠠᠬᠤᠶᠢᠯᠠᠯ  ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠶᠠᠪᠤᠳᠠᠯ  ᠨᠢ ᠠᠵᠤ ᠠᠬᠤᠶᠢᠯᠠᠯ ᠤᠳ ᠤᠨ ᠲᠤᠰ ᠪᠡᠶ᠎ᠡ ᠶᠢᠨ ᠬᠢᠨᠢ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠂ ᠠᠵᠤ ᠠᠬᠤᠶᠢᠯᠠᠯ   ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠣᠯ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ  ᠨᠢ ᠪᠠᠭᠤᠷᠠᠭᠤᠯᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠵᠤ ᠠᠬᠤᠶᠢᠯᠠᠯ  ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠶᠠᠪᠤᠭᠤᠯᠪᠠ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 3 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠂ ᠡᠳ᠋ ᠤᠨ ᠵᠠᠰᠠᠭ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠠᠴᠠ ᠠᠵᠤ ᠠᠬᠤᠶᠢᠯᠠᠯ  ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠠᠶᠢᠨ᠎ᠠ᠂ ᠬᠠᠮᠲᠤ ᠪᠠᠷ ᠣᠶᠢᠯᠠᠭᠠᠵᠠᠭᠠᠶ᠎ᠠ︕         ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄         ︽ᠠᠵᠤ ᠠᠬᠤᠶᠢᠯᠠᠯ  ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠤᠳᠬᠤ ᠰᠠᠨᠠᠯ︾ ᠳᠤ ᠲᠤᠯᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ  ᠠᠵᠤ ᠠᠬᠤᠶᠢᠯᠠᠯ  ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ ᠬᠠᠭᠤᠳᠠᠰᠤ ᠶᠢᠨ ᠳᠦᠷᠢᠮ ᠢ ᠲᠡᠭᠦᠯᠳᠡᠷᠵᠢᠭᠦᠯᠪᠡ           ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠄        ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠠᠰᠠᠭᠤᠳᠠᠯ ᠣᠷᠣᠰᠢᠵᠤ ᠪᠠᠶᠢᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠯᠡᠷᠡᠭᠦᠯᠪᠡᠯ ᠬᠦᠴᠦᠨ ᠦᠭᠡᠢ ᠪᠣᠯᠭᠠᠪᠠᠰᠤ ᠵᠣᠬᠢᠬᠤ ᠰᠦᠢᠳᠬᠡᠯ ᠬᠤᠷᠢᠶᠠᠬᠤ ᠲᠥᠷᠥᠯ ᠵᠦᠢᠯ ᠢ  ᠨᠢ ᠡᠷᠡᠰ ᠰᠢᠭᠤᠷᠬᠠᠢ ᠪᠠᠷ ᠬᠦᠴᠦᠨ ᠦᠭᠡᠢ ᠪᠣᠯᠭᠠᠵᠤ᠂ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ ᠬᠠᠭᠤᠳᠠᠰᠤᠨ ᠳᠤ ᠣᠷᠣᠭᠤᠯᠪᠠᠰᠤ ᠵᠣᠬᠢᠬᠤ ᠶᠢ ᠨᠢ ᠴᠠᠭ ᠲᠤᠬᠠᠢ ᠳᠤ ᠨᠢ ᠣᠷᠣᠭᠤᠯᠬᠤ ᠬᠡᠷᠡᠭᠲᠡᠢ᠃  ᠠᠵᠤ ᠠᠬᠤᠶᠢᠯᠠᠯ  ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠲᠣᠭᠲᠠᠭᠠᠯ ᠠᠴᠠ ᠵᠥᠷᠢᠴᠡᠨ ᠰᠢᠨ᠎ᠡ ᠪᠠᠷ ᠭᠠᠷᠭᠠᠬᠤ ᠶᠢ ᠴᠢᠩᠭ᠎ᠠ ᠬᠤᠷᠢᠭᠯᠠᠵᠤ᠂ ᠡᠭᠦᠰᠦᠮᠡᠯ ᠴᠢᠨᠠᠷᠲᠠᠢ ᠵᠠᠭᠤᠴᠢ ᠦᠢᠯᠡᠴᠢᠯᠡᠭᠡᠨ ᠤ ᠰᠦᠢᠳᠬᠡᠯ ᠬᠤᠷᠢᠶᠠᠬᠤ᠂ ᠡᠯᠧᠺᠲᠷᠣᠨ ᠵᠠᠰᠠᠭ ᠤᠨ ᠶᠠᠪᠤᠳᠠᠯ ᠤᠨ ᠲᠠᠪᠴᠠᠩ ᠤᠨ ᠰᠦᠢᠳᠬᠡᠯ ᠬᠤᠷᠢᠶᠠᠬᠤ ᠵᠡᠷᠭᠡ ᠠᠰᠠᠭᠤᠳᠠᠯ ᠭᠠᠷᠬᠤ ᠶᠢ ᠴᠢᠩᠭ᠎ᠠ ᠰᠡᠷᠭᠡᠶᠢᠯᠡᠨ᠎ᠡ  ᠥᠨᠥ ᠵᠢᠯ᠂ ᠰᠦᠢᠳᠬᠡᠯ ᠬᠤᠷᠢᠶᠠᠬᠤ ᠲᠥᠷᠥᠯ ᠵᠦᠢᠯ ᠢ ᠥᠪᠡᠷᠰᠡᠳ ᠢᠶᠠᠨ ᠲᠣᠭᠲᠠᠭᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠬᠤ᠂ ᠪᠤᠰᠤᠳ ᠢᠶᠠᠷ ᠲᠤᠰᠢᠶᠠᠯᠭᠠᠬᠤ ᠰᠦᠢᠳᠬᠡᠯ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ        ᠡᠳ᠋ ᠤᠨ ᠵᠠᠰᠠᠭ ᠤᠨ ᠶᠠᠮᠤᠨ᠄        2013 ᠣᠨ ᠠᠴᠠ ᠨᠠᠭᠠᠰᠢ᠂ ᠲᠥᠪ ᠤᠨ ᠲᠣᠭᠲᠠᠭᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠬᠤᠷᠢᠶᠠᠵᠤ ᠪᠠᠶᠢᠭᠰᠠᠨ 185 ᠵᠦᠢᠯ ᠤᠨ ᠰᠦᠢᠳᠬᠡᠯ ᠢ ᠴᠥᠭᠡᠳᠬᠡᠭᠡᠳ 50 ᠵᠦᠢᠯ ᠪᠣᠯᠭᠠᠨ ᠬᠠᠰᠤᠵᠤ᠂ 73% ᠪᠠᠷ ᠪᠠᠭᠠᠰᠬᠠᠪᠠ    ᠫᠣᠷᠲ᠋ᠠᠯ ᠰᠦᠯᠵᠢᠶ᠎ᠡ ᠳᠤ ᠨᠡᠶᠢᠲᠡᠯᠡᠭᠰᠡᠨ ᠢᠶᠠᠷ ᠪᠣᠯ ᠪᠦᠬᠦ ᠤᠯᠤᠰ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠪᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ ᠬᠠᠭᠤᠳᠠᠰᠤ ᠶᠢ ᠨᠢᠭᠡᠳᠬᠡᠯ ᠰᠦᠯᠵᠢᠶ᠎ᠡ ᠪᠠᠷ ᠨᠡᠶᠢᠲᠡᠯᠡᠨ᠎ᠡ           ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠄           ᠠᠵᠤ ᠠᠬᠤᠶᠢᠯᠠᠯ  ᠯᠤᠭ᠎ᠠ ᠬᠤᠯᠪᠣᠭᠳᠠᠭᠰᠠᠨ ᠪᠠᠲᠤᠯᠠᠬᠤ ᠮᠥᠩᠭᠦ ᠶᠢᠨ ᠭᠠᠷᠴᠠᠭ ᠤᠨ ᠲᠣᠳᠣᠷᠬᠠᠢ ᠬᠠᠭᠤᠳᠠᠰᠤ ᠶᠢᠨ ᠠᠭᠤᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠪᠡᠯᠡᠨ ᠵᠣᠭᠤᠰ ᠢᠶᠠᠷ ᠪᠠᠲᠤᠯᠠᠬᠤ ᠶᠢ ᠪᠠᠲᠤᠯᠠᠭ᠎ᠠ ᠶᠢᠨ ᠪᠢᠴᠢᠭ ︵ᠳᠠᠭᠠᠳᠬᠠᠯ︶ ᠢᠶᠠᠷ ᠣᠷᠣᠯᠠᠭᠤᠯᠬᠤ ᠬᠡᠪᠴᠢᠶ᠎ᠡ ᠪᠠᠨ ᠥᠷᠭᠡᠳᠬᠡᠨ᠎ᠡ   ᠠᠵᠤ ᠠᠬᠤᠶᠢᠯᠠᠯ  ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠶᠢ  ᠨᠢ ᠵᠢᠷᠤᠮᠵᠢᠭᠤᠯᠬᠤ ᠶᠢ ᠴᠢᠬᠤᠯᠠ ᠠᠭᠤᠯᠭ᠎ᠠ ᠪᠣᠯᠭᠠᠵᠤ᠂ 2025 ᠣᠨ ᠤ ᠪᠥᠬᠦ ᠤᠯᠤᠰ ᠲᠠᠬᠢ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠬᠡᠷᠡᠭᠵᠢᠭᠦᠯᠬᠦ ᠲᠥᠰᠥᠯ ᠢ ᠨᠡᠶᠢᠲᠡᠯᠡᠨ᠎ᠡ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号