ᠤᠯᠤᠰ ᠤᠨ ᠨᠥᠬᠦᠪᠦᠷᠢ ᠨᠦᠭᠦᠳ ᠢ ᠲᠠ ᠭᠤᠶᠤᠴᠢᠯᠠᠭᠰᠠᠨ ᠦᠦ︖
ᠨᠡᠶᠢᠲᠡᠯᠡᠭᠰᠡᠨ ᠴᠠᠭ᠄
2025/4/9
      ᠡᠨᠡ ᠵᠢᠯ ᠠᠴᠠ ᠨᠠᠭᠠᠰᠢ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠡᠯᠡ ᠮᠥᠩᠭᠦ ᠶᠢ 3000 ᠳ᠋ᠦᠩᠰᠢᠭᠤᠷ ᠲᠥᠭᠦᠷᠢᠭ ᠪᠣᠯᠲᠠᠯ᠎ᠠ ᠶᠡᠭᠡ ᠪᠠᠷ ᠨᠡᠮᠡᠭᠳᠡᠭᠦᠯᠵᠦ᠂ ᠵᠦᠢᠯᠡᠰ ᠵᠢᠴᠢ ᠨᠥᠬᠦᠪᠦᠷᠢᠯᠡᠬᠦ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠬᠦ ᠶᠢ ᠳᠡᠮᠵᠢᠪᠡ᠃           ᠭᠡᠷ ᠤᠨ ᠴᠠᠬᠢᠯᠭᠠᠨ ᠬᠡᠷᠡᠭᠰᠡᠯ ᠳ᠋ᠢᠭᠢᠲ ᠦᠢᠯᠡᠳᠬᠦᠨ ᠪᠦᠷᠢ ᠳᠤ ᠬᠠᠮᠤᠭ ᠶᠡᠭᠡ ᠳᠤ ᠪᠠᠨ 2000 ᠲᠥᠭᠦᠷᠢᠭ ᠨᠥᠬᠦᠪᠦᠷᠢᠯᠡᠵᠦ᠂ ᠭᠠᠷ ᠤᠲᠠᠰᠤᠨ ᠤ ᠳ᠋ᠢᠭᠢᠲ ᠦᠢᠯᠡᠳᠬᠦᠨ ᠪᠦᠷᠢ ᠳᠤ ᠬᠠᠮᠤᠭ ᠶᠡᠭᠡ ᠳᠤ ᠪᠠᠨ 500 ᠲᠥᠭᠦᠷᠢᠭ ᠨᠥᠬᠦᠪᠦᠷᠢᠯᠡᠨ᠂ ᠬᠠᠭᠤᠴᠢᠨ ᠮᠠᠰᠢᠨ ᠲᠡᠷᠭᠡ ᠪᠠᠨ ᠬᠤᠳᠠᠯᠳᠤᠵᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠮᠠᠰᠢᠨ ᠲᠡᠷᠭᠡ ᠪᠦᠷᠢ ᠳᠤ ᠬᠠᠮᠤᠭ ᠶᠡᠭᠡ ᠳᠤ ᠪᠠᠨ 1.5 ᠲᠦᠮᠡᠨ ᠲᠥᠭᠦᠷᠢᠭ ᠨᠥᠬᠦᠪᠦᠷᠢᠯᠡᠨ᠎ᠡ︕           ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠪᠠᠰᠠ ᠨᠥᠬᠦᠪᠦᠷᠢ ᠲᠠᠢ︕           ᠣᠳᠣ ᠪᠠᠷ ᠢᠶᠠᠨ ᠰᠢᠨ᠎ᠡ ᠶᠢ ᠰᠣᠯᠢᠪᠠᠯ ᠮᠠᠰᠢ ᠶᠡᠭᠡ ᠬᠠᠷᠠᠭᠠᠯᠵᠠᠯ ᠬᠦᠷᠲᠡᠨ᠎ᠡ︕         ᠭᠠᠷ ᠤᠲᠠᠰᠤ ᠬᠠᠪᠲᠠᠭᠠᠢ ᠺᠣᠮᠫᠢᠦ᠋ᠲ᠋ᠧᠷ ᠵᠡᠷᠭᠡ ᠳ᠋ᠢᠭᠢᠲ ᠦᠢᠯᠡᠳᠬᠦᠨ᠂ ᠭᠡᠷ ᠤᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ           ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ ᠵᠢᠴᠢ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠬᠤᠷᠢᠶᠠᠩᠭᠤᠢ
图片4.png
          ᠵᠢᠵᠢᠭ ᠫᠷᠣᠭ᠍ᠷᠠᠮ ᠢᠶᠠᠷ ᠯᠠᠪᠯᠠᠭᠠᠷᠠᠢ      ᠭᠤᠶᠤᠴᠢᠯᠠᠨ ᠠᠪᠬᠤ ᠠᠷᠭ᠎ᠠ᠄      1. ᠬᠡᠷᠡᠭᠴᠡᠭᠡ ᠪᠠᠨ ᠦᠨᠳᠦᠰᠦᠯᠡᠵᠦ᠂ ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠤ ᠰᠢᠨ᠎ᠡ ᠶᠢ ᠬᠤᠳᠠᠯᠳᠤᠨ ᠠᠪᠬᠤ ᠪᠤᠶᠤ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠳᠠᠷᠤᠪᠴᠢ ᠶᠢ ᠰᠣᠩᠭᠤᠨ᠎ᠠ᠃
图片5.jpg
图片6.jpg
           2. ᠲᠠᠨ ᠤ ᠪᠠᠶᠢᠭ᠎ᠠ ᠬᠤᠲᠠ ᠪᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ ᠲᠤᠰ ᠭᠠᠵᠠᠷ ᠤᠨ ᠢᠶᠠᠨ ᠲᠥᠷᠥ ᠶᠢᠨ ᠪᠣᠳᠣᠯᠭ᠎ᠠ ᠶᠢ ᠯᠠᠪᠯᠠᠵᠤ᠂ ᠬᠠᠮᠢᠶ᠎ᠠ ᠪᠦᠬᠦᠢ ᠬᠠᠷᠠᠭᠠᠯᠵᠠᠯ  ᠢ ᠰᠣᠩᠭᠤᠵᠤ ᠠᠪᠤᠨ᠎ᠠ᠃
图片7.jpg
    ᠮᠠᠰᠢᠨ ᠲᠡᠷᠭᠡ ᠶᠢ ᠰᠢᠨ᠎ᠡ ᠪᠠᠷ ᠰᠣᠯᠢᠪᠠᠯ ᠳᠠᠷᠠᠭᠠᠴᠢ ᠶᠢᠨ ᠵᠦᠢᠯᠡᠰ ᠢ ᠠᠩᠬᠠᠷᠤᠭᠠᠷᠠᠢ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠬᠤ
图片8.png
    ᠵᠢᠵᠢᠭ ᠫᠷᠣᠭ᠍ᠷᠠᠮ ᠢᠶᠠᠷ ᠯᠠᠪᠯᠠᠭᠠᠷᠠᠢ      ᠭᠤᠶᠤᠴᠢᠯᠠᠨ ᠠᠪᠬᠤ ᠠᠷᠭ᠎ᠠ᠄      1. ︽2025 ᠣᠨ ᠤ ᠬᠡᠷᠡᠭᠴᠡᠭᠡᠨ ᠠᠴᠠ ᠭᠠᠷᠭᠠᠵᠤ ᠰᠢᠨᠡᠳᠬᠡᠬᠦ ᠭᠤᠶᠤᠴᠢᠯᠠᠯ ᠤᠨ ᠣᠷᠣᠴᠠ︾ ᠪᠠᠷ ᠣᠷᠣᠨ᠎ᠠ᠃
图片9.jpg
图片10.jpg     
      2. ᠨᠥᠬᠦᠪᠦᠷᠢ ᠶᠢ ᠬᠦᠯᠢᠶᠡᠨ ᠠᠪᠴᠤ ᠭᠦᠢᠴᠡᠳᠬᠡᠬᠦ ᠭᠠᠵᠠᠷ ᠢᠶᠠᠨ ᠰᠣᠩᠭᠤᠵᠤ᠂ ᠰᠠᠨᠠᠭᠤᠯᠤᠮᠵᠢ ᠶᠢ ᠦᠨᠳᠦᠰᠦᠯᠡᠨ ᠬᠤᠪᠢ ᠬᠥᠮᠥᠨ ᠤ ᠮᠡᠳᠡᠭᠡ ᠵᠠᠩᠭᠢ ᠪᠠᠨ ᠪᠢᠴᠢᠵᠦ᠂ ᠳᠠᠷᠠᠭᠠᠴᠢ ᠶᠢᠨ ᠰᠠᠨᠠᠭᠤᠯᠤᠮᠵᠢ ᠳᠤ ᠣᠷᠣᠨ᠎ᠠ᠃
图片11.jpg
         3. ᠰᠠᠨᠠᠭᠤᠯᠤᠮᠵᠢ ᠶᠢ ᠦᠨᠳᠦᠰᠦᠯᠡᠨ᠂ ᠭᠤᠶᠤᠴᠢᠯᠠᠭᠴᠢ ᠶᠢᠨ ᠮᠡᠳᠡᠭᠡ ᠵᠠᠩᠭᠢ᠂ ᠬᠡᠷᠡᠭᠴᠡᠭᠡᠨ ᠠᠴᠠ ᠭᠠᠷᠭᠠᠭᠰᠠᠨ ᠮᠠᠰᠢᠨ ᠲᠡᠷᠭᠡᠨ ᠤ ᠮᠡᠳᠡᠭᠡ ᠵᠠᠩᠭᠢ᠂ ᠬᠤᠳᠠᠯᠳᠤᠨ ᠠᠪᠬᠤ ᠰᠢᠨ᠎ᠡ ᠮᠠᠰᠢᠨ ᠲᠡᠷᠭᠡᠨ ᠤ ᠮᠡᠳᠡᠭᠡ ᠵᠠᠩᠭᠢ ᠶᠢ ᠲᠠᠭᠯᠠᠪᠠᠯ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠵᠤ ᠪᠣᠯᠣᠨ᠎ᠠ᠃
图片12.jpg
      ᠵᠢᠵᠢᠭ ᠫᠷᠣᠭ᠍ᠷᠠᠮ ᠢᠶᠠᠷ ᠲᠥᠷᠥ ᠶᠢᠨ ᠪᠣᠳᠣᠯᠭ᠎ᠠ ᠶᠢ ᠯᠠᠪᠯᠠᠵᠤ ᠨᠥᠬᠦᠪᠦᠷᠢ ᠪᠠᠨ ᠨᠢᠭᠡ ᠯᠡ ᠳᠠᠷᠤᠪᠴᠢ ᠪᠠᠷ ᠭᠤᠶᠤᠴᠢᠯᠠᠬᠤ ᠪᠣᠯᠣᠨ᠎ᠠ᠃ 
图片13.png
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号