| | | | ᠲᠦᠷᠦᠭᠦᠬᠡᠨ᠂ ᠭᠦᠭᠡᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠲᠣᠰ ᠲᠣᠰ ᠡᠨᠡ ᠵᠢᠯ ᠤᠨ ᠵᠠᠰᠠᠬᠤ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠲᠡᠦᠬᠡᠨ ᠠᠴᠠ | ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠵᠢᠱᠢᠶ᠎ᠡ ᠦᠵᠡᠭᠦᠯᠭᠦ | ᠢᠨᠵᠧᠨᠧᠷᠢᠩ ᠢ ᠪᠦᠭᠦ ᠲᠠᠯ᠎ᠠ ᠪᠠᠷ ᠠᠬᠢᠭᠤᠯᠪᠠ᠃ | | | ᠣᠶᠢᠯᠠᠭᠠᠭᠰᠠᠨ ᠢᠶᠠᠷ᠂ ᠵᠢᠱᠢᠶ᠎ᠡ ᠦᠵᠡᠭᠦᠯᠭᠦ ᠢᠨᠵᠧᠨᠧᠷᠢᠩ ᠪᠣᠯ ᠭᠦᠭᠡᠬᠤᠲᠠ ᠶᠢᠨ 2023 ᠣᠨ ᠳᠤ | ᠭᠤᠶᠤᠴᠢᠯᠠᠨ ᠮᠡᠳᠡᠭᠦᠯᠦᠭᠰᠡᠨ ᠤᠯᠤᠰ ᠤᠨ ᠲᠠᠰ ᠤᠨ ᠵᠢᠱᠢᠶ᠎ᠡ ᠦᠵᠡᠭᠦᠯᠭᠦ ᠲᠥᠷᠥᠯ ᠵᠦᠢᠯ ᠪᠣᠯᠣᠨ᠎ᠠ᠂ ᠶᠡᠷᠦᠩᠬᠡᠢ | ᠪᠡᠯᠡ ᠣᠷᠣᠭᠤᠯᠤᠯᠲᠠ ᠨᠢ 5.64 ᠳ᠋ᠦᠩᠰᠢᠭᠤᠷ ᠲᠥᠭᠦᠷᠢᠭ ᠲᠤ ᠬᠦᠷᠴᠦ᠂ ᠭᠦᠭᠡᠬᠤᠲᠠ ᠶᠢᠨ 8 ᠬᠤᠰᠢᠭᠤ | ᠰᠢᠶᠠᠨ ᠲᠣᠭᠤᠷᠢᠭ ᠲᠤ ᠬᠤᠯᠪᠣᠭᠳᠠᠨ᠂ ᠬᠡᠷᠡᠭᠵᠢᠭᠦᠯᠬᠦ ᠬᠤᠭᠤᠴᠠᠭ᠎ᠠ ᠨᠢ 3 ᠵᠢᠯ ᠪᠠᠶᠢᠵᠤ᠂ ᠲᠥᠯᠥᠪᠯᠡᠭᠡ ᠪᠠᠷ 2025 | ᠣᠨ ᠤ ᠡᠴᠦᠰ ᠲᠤ ᠳᠠᠭᠤᠰᠬᠠᠨ᠎ᠠ᠃ ᠭᠦᠭᠡᠬᠤᠲᠠ ᠶᠢᠨ ᠵᠢᠱᠢᠶ᠎ᠡ ᠦᠵᠡᠭᠦᠯᠭᠦ ᠢᠨᠵᠧᠨᠧᠷᠢᠩ ᠪᠣᠯ ᠪᠦᠭᠦ ᠤᠯᠤᠰ ᠤᠨ | ᠬᠤᠶᠠᠳᠤᠭᠠᠷ ᠪᠦᠯᠦᠭ᠂ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠤᠨ ᠭᠤᠶᠤᠴᠢᠯᠠᠨ ᠮᠡᠳᠡᠭᠦᠯᠦᠭᠰᠡᠨ | ᠵᠢᠱᠢᠶ᠎ᠡ ᠦᠵᠡᠭᠦᠯᠭᠦ ᠲᠥᠷᠥᠯ ᠵᠦᠢᠯ ᠪᠣᠯᠣᠨ᠎ᠠ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ 2024 ᠣᠨ ᠤ | ᠵᠠᠷᠯᠠᠯ ᠳᠤ᠂ ᠭᠦᠭᠡᠬᠤᠲᠠ ᠶᠢᠨ ᠬᠡᠷᠡᠭᠵᠢᠭᠦᠯᠦᠭᠰᠡᠨ ᠠᠬᠢᠴᠠ ᠨᠢ ᠠᠳᠠᠯᠢ ᠪᠦᠯᠦᠭ ᠤᠨ ᠬᠡᠷᠡᠭᠵᠢᠭᠦᠯᠦᠭᠰᠡᠨ 18 | ᠲᠥᠷᠥᠯ ᠵᠦᠢᠯ ᠤᠨ ᠳᠣᠲᠣᠷ᠎ᠠ ᠭᠤᠷᠪᠠᠳᠤᠭᠠᠷ ᠲᠤ ᠵᠢᠭᠰᠠᠭᠠᠭᠳᠠᠪᠠ᠃ ᠭᠦᠭᠡᠬᠤᠲᠠ ᠲᠥᠷᠦᠯ ᠵᠦᠢᠯ ᠢ ᠬᠡᠷᠡᠭᠵᠢᠭᠦᠯᠬᠦ | ᠶᠠᠪᠤᠴᠠ ᠳᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠨ᠂ ᠲᠤᠰᠬᠠᠢ | ᠮᠡᠷᠭᠡᠵᠢᠯ ᠤᠨ ᠬᠠᠮᠢᠶᠠᠷᠤᠯᠲᠠ ᠶᠢᠨ ᠡᠩᠨᠡᠭᠡ ᠶᠢ ᠣᠷᠣᠭᠤᠯᠤᠨ ᠠᠪᠴᠢᠷᠠᠵᠤ᠂ ᠪᠠᠷᠢᠯᠭ᠎ᠠ ᠶᠢᠨ ᠠᠵᠢᠯ ᠤᠨ ᠳᠤᠮᠳᠠᠬᠢ | ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠲᠥᠷᠦᠯ ᠵᠦᠢᠯ ᠤᠨ ᠡᠯ᠎ᠡ ᠭᠤᠭᠴᠤᠭ᠎ᠠ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠪᠦᠲᠦᠭᠡᠨ ᠪᠠᠶᠢᠭᠤᠯᠤᠯᠲᠠ ᠳᠤ ᠣᠷᠣᠯᠴᠠᠬᠰᠠᠨ ᠨᠢᠭᠡᠴᠢ ᠶᠢᠨ | ᠬᠠᠮᠵᠢᠯᠴᠠᠨ ᠬᠤᠯᠪᠣᠭᠠᠯᠠᠬᠤ ᠶᠢ ᠴᠢᠩᠭᠠᠳᠬᠠᠨ᠂ ᠡᠯ᠎ᠡ ᠰᠢᠶᠠᠩ ᠪᠠᠯᠭᠠᠰᠤᠨ ᠤ ᠣᠯᠠᠨ ᠲᠦᠮᠡᠨ ᠤ ᠳᠡᠮᠵᠢᠯᠭᠡ | ᠬᠠᠮᠵᠢᠯᠴᠠᠭ᠎ᠠ ᠶᠢ ᠲᠡᠮᠡᠴᠡᠨ ᠣᠯᠵᠤ᠂ ᠲᠥᠷᠦᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠳᠤ ᠪᠠᠲᠤᠯᠠᠭ᠎ᠠ | ᠬᠠᠩᠭᠠᠵᠠᠢ; ᠳᠦᠷᠢᠮ ᠤᠨ ᠪᠠᠷᠢᠮᠵᠢᠶ᠎ᠠ ᠶᠢ ᠲᠣᠭᠲᠠᠭᠠᠵᠤ᠂ ᠲᠥᠷᠥᠯ ᠵᠦᠢᠯ ᠤᠨ ᠪᠦᠭᠦ ᠶᠠᠪᠤᠴᠠ ᠶᠢᠨ | ᠬᠡᠷᠡᠭᠵᠢᠭᠦᠯᠦᠯᠲᠡ ᠶᠢ ᠵᠢᠷᠤᠮᠵᠢᠭᠤᠯᠪᠠ᠃ ᠪᠣᠳᠠᠲᠠᠢ ᠪᠠᠶᠢᠳᠠᠯ ᠢ ᠦᠨᠳᠦᠰᠦᠯᠡᠨ᠂ ᠤᠮᠠᠷᠠᠲᠤ ᠶᠢᠨ ᠡᠯᠡᠰᠦ ᠶᠢ ᠰᠡᠷᠭᠡᠶᠢᠯᠡᠬᠦ | ᠪᠦᠰᠡ ᠶᠢᠨ ᠭᠠᠩ ᠬᠠᠭᠤᠷᠠᠢ ᠬᠠᠭᠠᠰ ᠭᠠᠩ ᠬᠠᠭᠤᠷᠠᠢ ᠭᠠᠵᠠᠷ ᠣᠷᠣᠨ ᠳᠤ ᠵᠣᠬᠢᠴᠠᠭᠰᠠᠨ ᠠᠭᠤᠷᠬᠠᠢ ᠶᠢᠨ ᠠᠮᠢ | ᠠᠬᠤᠢ ᠶᠢᠨ ᠰᠡᠷᠭᠦᠭᠡᠯᠲᠡ ᠶᠢᠨ ᠵᠠᠭᠪᠤᠷ ᠤᠨ ᠰᠢᠰᠲ᠋ᠧᠮ ᠲᠠᠢ ᠵᠠᠰᠠᠬᠤ ᠠᠷᠭ᠎ᠠ ᠶᠢ ᠳ᠋ᠦᠩᠨᠡᠨ ᠭᠠᠷᠭᠠᠵᠤ᠂ ᠪᠠᠶᠢᠭᠠᠯᠢ ᠶᠢᠨ | ᠨᠥᠬᠦᠴᠡᠯ ᠳᠤ ᠨᠡᠯᠢᠶᠡᠳ ᠰᠠᠶᠢᠨ ᠲᠣᠬᠢᠷᠠᠭᠰᠠᠨ ᠪᠠᠶᠢᠨ᠎ᠠ᠃ |