| | | | 5 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽2025 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︿ᠭᠤᠷᠪᠠ ᠶᠢ ᠳᠡᠮᠵᠢᠵᠦ ᠨᠢᠭᠡ ᠶᠢ | ᠲᠡᠳᠬᠦᠬᠦ﹀ ᠲᠥᠯᠥᠪᠯᠡᠭᠡ ᠶᠢᠨ ᠡᠯᠰᠡᠬᠦ ᠠᠯᠪᠠᠨ ᠵᠠᠷᠯᠠᠯ︾ ᠪᠠ ︽2025 ᠣᠨ ᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠲᠣᠭᠤᠷᠢᠭ ᠤᠨ ᠠᠷᠠᠳ ᠤᠨ | ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠡᠯᠰᠡᠬᠦ ᠠᠯᠪᠠᠨ ᠵᠠᠷᠯᠠᠯ︾ ᠢ | ᠨᠡᠶᠢᠲᠡᠯᠡᠪᠡ᠃ | | | | | 2025 ᠣᠨ ᠳᠤ᠂ ᠪᠦᠭᠦ ᠣᠷᠣᠨ ᠳᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠥᠮᠥᠰ ᠢ 3000 | ᠡᠯᠰᠡᠬᠦ ᠪᠠᠷ ᠲᠥᠯᠥᠪᠯᠡᠵᠦ ᠪᠤᠶ ︵ᠬᠡᠷᠪᠡ ᠬᠤᠪᠢᠷᠠᠯᠲᠠ ᠲᠠᠢ ᠪᠣᠯ ᠠᠰᠲᠠᠭᠠᠨ ᠨᠥᠬᠦᠪᠦᠷᠢ ᠠᠯᠪᠠᠨ ᠵᠠᠷᠯᠠᠯ ᠨᠡᠶᠢᠲᠡᠯᠡᠨ᠎ᠡ︶ | ᠃ ᠡᠭᠦᠨ ᠳᠤ᠂ ᠡᠩ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠢ 2652 ᠬᠥᠮᠥᠨ ᠡᠯᠰᠡᠵᠦ᠂ ︽ᠮᠣᠩᠭᠤᠯ | ᠦᠭᠡ ᠭᠡᠯᠡ ᠥᠰᠥᠭ ᠪᠢᠴᠢᠭ ᠲᠤ ᠨᠡᠪᠲᠡᠷᠡᠭᠰᠡᠨ︾ ᠠᠵᠢᠯ ᠤᠨ ᠪᠠᠶᠢᠷᠢ ᠶᠢᠨ ᠠᠵᠢᠯᠲᠠᠨ ︵ᠤᠯᠤᠰ ᠤᠨ ᠨᠡᠶᠢᠳᠡᠮ | ᠬᠡᠷᠡᠭᠯᠡᠬᠦ ᠦᠭᠡ ᠭᠡᠯᠡ ᠥᠰᠥᠭ ᠪᠢᠴᠢᠭ ᠪᠠ ᠮᠣᠩᠭᠤᠯ ᠦᠭᠡ ᠭᠡᠯᠡ ᠥᠰᠥᠭ ᠪᠢᠴᠢᠭ ᠢ ᠪᠣᠯᠪᠠᠰᠤᠷᠠᠩᠭᠤᠢ | ᠡᠵᠡᠮᠰᠢᠭᠰᠡᠨ ᠪᠥᠭᠡᠳ ᠠᠯᠪᠠᠨ ᠠᠵᠢᠯ ᠥᠷᠨᠢᠭᠦᠯᠵᠦ ᠳᠡᠶᠢᠯᠭᠦ ᠠᠵᠢᠯᠲᠠᠨ ᠢ ᠵᠢᠭᠠᠵᠤ ᠪᠤᠶ︶ ᠢ 348 ᠡᠯᠰᠡᠨ᠎ᠡ᠃ | | | | | 2025 ᠣᠨ ᠳᠤ᠂ ᠪᠦᠭᠦ ᠣᠷᠣᠨ ᠳᠤ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠬᠥᠮᠥᠰ ᠢ 5000 ᠡᠯᠰᠡᠬᠦ ᠪᠠᠷ ᠲᠥᠯᠥᠪᠯᠡᠵᠦ ᠪᠤᠶ᠃ | ᠡᠭᠦᠨ ᠳᠤ᠂ ᠡᠩ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠢ 4496 ᠡᠯᠰᠡᠵᠦ᠂ ︽ᠮᠣᠩᠭᠤᠯ ᠦᠭᠡ ᠭᠡᠯᠡ | ᠥᠰᠥᠭ ᠪᠢᠴᠢᠭ ᠲᠤ ᠨᠡᠪᠲᠡᠷᠡᠭᠰᠡᠨ︾ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ︵ᠤᠯᠤᠰ ᠤᠨ ᠨᠡᠶᠢᠳᠡᠮ ᠬᠡᠷᠡᠭᠯᠡᠬᠦ | ᠦᠭᠡ ᠭᠡᠯᠡ ᠥᠰᠥᠭ ᠪᠢᠴᠢᠭ ᠪᠠ ᠮᠣᠩᠭᠤᠯ ᠦᠭᠡ ᠭᠡᠯᠡ ᠥᠰᠥᠭ ᠪᠢᠴᠢᠭ ᠢ ᠪᠣᠯᠪᠠᠰᠤᠷᠠᠩᠭᠤᠢ ᠡᠵᠡᠮᠰᠢᠭᠰᠡᠨ | ᠪᠥᠭᠡᠳ ᠠᠯᠪᠠᠨ ᠠᠵᠢᠯ ᠥᠷᠨᠢᠭᠦᠯᠵᠦ ᠳᠡᠶᠢᠯᠭᠦ ᠠᠵᠢᠯᠲᠠᠨ ᠢ ᠵᠢᠭᠠᠵᠤ ᠪᠤᠶ︶ ᠢ 504 ᠡᠯᠰᠡᠨ᠎ᠡ᠃ | | | | | ᠨᠡᠷ᠎ᠡ ᠮᠡᠳᠡᠭᠦᠯᠬᠦ ᠴᠠᠭ ᠵᠢᠴᠢ ᠠᠷᠭ᠎ᠠ ᠮᠠᠶ᠋ᠢᠭ᠄ | | | 5 ᠰᠠᠷ᠎ᠠ ᠶᠢᠨ 19 ᠤ ᠡᠳᠦᠷ ᠤᠨ 10᠄ 00 - 5 ᠰᠠᠷ᠎ᠠ ᠶᠢᠨ 23 ᠤ ᠡᠳᠦᠷ ᠤᠨ 17᠄ 00 ᠴᠠᠭ | ᠪᠤᠯᠲᠠᠯ᠎ᠠ᠂ ᠨᠥᠬᠦᠴᠡᠯ ᠳᠤ ᠨᠡᠶᠢᠴᠡᠬᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠥᠪᠥᠷ ᠮᠣᠩᠭᠤᠯ ᠤᠨ ᠠᠵᠢᠯᠲᠠᠨ ᠤ | ᠶᠠᠪᠤᠳᠠᠯ ᠤᠨ ᠰᠢᠯᠭᠠᠯᠲᠠ ᠶᠢᠨ ᠰᠦᠯᠵᠢᠶ᠎ᠡ ( ᠰᠦᠯᠵᠢᠶᠡᠨ ᠬᠠᠶ᠋ᠢᠭ᠄ www.impta.com.cn) ᠪᠠᠷ | ᠳᠡᠮᠵᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃ | | | | ᠨᠥᠬᠦᠴᠡᠯ ᠳᠤ ᠨᠡᠶᠢᠴᠡᠬᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︽ᠭᠤᠷᠪᠠ ᠶᠢ ᠳᠡᠮᠵᠢᠵᠦ ᠨᠢᠭᠡ ᠶᠢ | ᠲᠡᠳᠬᠦᠬᠦ︾ ᠲᠥᠯᠥᠪᠯᠡᠭᠡ ᠪᠤᠶᠤ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠳᠠᠬᠢ ᠨᠢᠭᠡ ᠯᠡ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ | ᠰᠢᠯᠭᠠᠭᠤᠯᠵᠤ ᠪᠣᠯᠣᠨ᠎ᠠ᠂ ᠬᠠᠮᠲᠤ ᠳᠤᠨᠢ ᠮᠡᠳᠡᠭᠦᠯᠵᠦ ᠪᠤᠯᠬᠤ ᠦᠭᠡᠢ᠃ | | | | | | | ᠢᠷᠡᠯᠲᠡ᠄ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠰᠦᠯᠵᠢᠶ᠎ᠡ | |