| | | | ᠭᠦᠭᠡᠬᠤᠳᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠠᠴᠠ ᠣᠶᠢᠯᠠᠭᠠᠭᠰᠠᠨ ᠢᠶᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠢ | ᠦᠨᠳᠦᠰᠦᠯᠡᠨ᠂ ᠭᠦᠭᠡᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠥᠪᠥᠷ ᠮᠣᠩᠭᠤᠯ ᠤᠨ ᠮᠥᠩᠭᠦᠨ | ᠭᠦᠢᠯᠭᠡᠭᠡᠨ ᠤ ᠪᠡᠯᠡ ᠤᠷᠤᠭᠤᠯᠤᠯᠳᠠ ᠶᠢᠨ ᠪᠦᠯᠦᠭᠯᠡᠯ ᠺᠤᠮᠫᠠᠨᠢ ᠬᠠᠮᠲᠤ ᠪᠠᠷ ᠪᠡᠯᠡ ᠮᠥᠩᠭᠦ ᠭᠠᠷᠭᠠᠨ ︽1 | ᠤᠳᠤᠷᠢᠳᠤᠮᠵᠢ ᠶᠢᠨ ᠰᠠᠭᠤᠷᠢ ᠮᠥᠩᠭᠦ + 8 ᠠᠵᠤ ᠦᠢᠯᠡᠰ ᠤᠨ ᠡᠬᠡ ᠰᠠᠭᠤᠷᠢ ᠮᠥᠩᠭᠦ + 3 ᠴᠢᠳᠠᠮᠵᠢ ᠶᠢᠨ | ᠡᠬᠡ ᠰᠠᠭᠤᠷᠢ ᠮᠥᠩᠭᠦ︾ ᠪᠠᠷ ᠪᠦᠷᠢᠯᠳᠦᠭᠰᠡᠨ 100 ᠳ᠋ᠦᠩᠰᠢᠭᠤᠷ ᠲᠥᠭᠦᠷᠢᠭ ᠤᠨ ᠬᠡᠪᠴᠢᠶ᠎ᠡ ᠪᠦᠬᠦᠢ ᠰᠠᠭᠤᠷᠢ | ᠮᠥᠩᠭᠦᠨ ᠤ ᠰᠢᠰᠲ᠋ᠧᠮ ᠢ ᠪᠠᠶᠢᠭᠤᠯᠵᠤ᠂ ᠭᠦᠭᠡᠬᠤᠳᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ | ᠬᠥᠭᠵᠢᠯᠲᠡ ᠶᠢ ᠤᠯᠠᠨ ᠲᠠᠯ᠎ᠠ ᠠᠴᠠ ᠳᠡᠮᠵᠢᠵᠦ ᠪᠠᠶᠢᠨ᠎ᠠ᠃ | | | ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠪᠡᠯᠡ ᠤᠷᠤᠭᠤᠯᠤᠯᠳᠠ ᠶᠢᠨ ᠪᠦᠯᠦᠭᠯᠡᠯ ᠺᠤᠮᠫᠠᠨᠢ | ᠭᠦᠭᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠡᠯᠡ ᠤᠷᠤᠭᠤᠯᠤᠯᠳᠠ ᠶᠢᠨ ᠰᠠᠭᠤᠷᠢ ᠮᠥᠩᠭᠦᠨ ᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ᠂ ᠭᠦᠭᠡᠬᠤᠳᠠ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ ᠪᠣᠯᠣᠨ ᠲᠣᠮᠣ ᠳ᠋ᠠᠶᠢᠲ᠋ᠠ ᠶᠢᠨ ᠲᠣᠪᠴᠢᠶ᠎ᠠ ᠲᠠᠢ ᠬᠠᠷᠢᠯᠴᠠᠵᠤ᠂ ᠠᠮᠢᠳᠤ | ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠰᠠᠭᠤᠷᠢ ᠮᠥᠩᠭᠦ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ | ᠰᠠᠭᠤᠷᠢ ᠮᠥᠩᠭᠦ ᠵᠢᠴᠢ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠰᠠᠭᠤᠷᠢ ᠮᠥᠩᠭᠦ ᠶᠢ ᠲᠥᠰᠥᠪᠯᠡᠨ | ᠪᠠᠶᠢᠭᠤᠯᠬᠤ ᠠᠵᠢᠯ ᠢ ᠪᠦᠭᠦ ᠬᠦᠴᠦᠨ ᠢᠶᠠᠷ ᠠᠬᠢᠭᠤᠯᠤᠨ᠂ ᠣᠷᠣᠨ ᠪᠦᠰᠡ ᠶᠢᠨ ᠠᠵᠤ ᠦᠢᠯᠡᠰ ᠤᠨ ᠳᠡᠰ | ᠳᠡᠪᠰᠢᠯᠳᠡ ᠪᠠ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠴᠢᠷᠮᠠᠶᠢᠵᠤ ᠪᠠᠶᠢᠨ᠎ᠠ᠃ ᠡᠭᠦᠨ ᠳᠤ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠰᠠᠭᠤᠷᠢ ᠮᠥᠩᠭᠦ ᠪᠠᠷ ᠨᠡᠶᠢᠭᠡᠮ ᠤᠨ ᠪᠡᠯᠡ | ᠤᠷᠤᠭᠤᠯᠤᠯᠳᠠ ᠶᠢ ᠲᠠᠲᠠᠵᠤ᠂ ᠰᠢᠨ᠎ᠡ ᠶᠢ ᠡᠭᠦᠳᠦᠭᠰᠡᠨ ᠡᠮ ᠤᠨ ᠵᠦᠢᠯᠡᠰ ᠢ ᠰᠤᠳᠤᠯᠤᠨ ᠨᠡᠭᠡᠭᠡᠬᠦ᠂ ᠡᠮᠴᠢᠯᠡᠭᠡᠨ ᠤ | ᠪᠠᠭᠠᠵᠢ ᠬᠡᠷᠡᠭᠰᠡᠯ ᠦᠢᠯᠡᠳᠬᠦ᠂ ᠠᠮᠢᠳᠤ ᠪᠣᠳᠠᠰ ᠤᠨ ᠮᠡᠷᠭᠡᠵᠢᠯ ᠤᠨ ᠦᠢᠯᠡᠴᠢᠯᠡᠭᠡ ᠵᠡᠷᠭᠡ ᠵᠠᠩᠭᠢᠯᠠᠭ᠎ᠠ ᠶᠢᠨ | ᠭᠤᠭᠴᠤᠭ᠎ᠠ ᠶᠢ ᠭᠤᠣᠯᠳᠠᠯᠭ᠎ᠠ ᠲᠠᠢ ᠳᠡᠮᠵᠢᠨ᠎ᠠ᠃ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠠᠭᠤᠷᠢ ᠮᠥᠩᠭᠦ ᠪᠠᠷ | ᠬᠤᠯᠪᠣᠭᠳᠠᠯ ᠪᠦᠬᠦᠢ ᠮᠡᠷᠭᠡᠵᠢᠯ ᠤᠨ ᠰᠤᠳᠤᠯᠭᠠᠨ ᠬᠢᠭᠡᠳ ᠠᠵᠤ ᠦᠢᠯᠡᠰᠵᠢᠯᠲᠡ ᠳᠤ ᠪᠡᠯᠡ ᠮᠥᠩᠭᠦᠨ ᠤ ᠳᠡᠮᠵᠢᠯᠭᠡ | ᠣᠯᠭᠤᠨ᠎ᠠ᠃ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠰᠠᠭᠤᠷᠢ ᠮᠥᠩᠭᠦ ᠪᠠᠷ ᠲᠣᠮᠣ ᠳ᠋ᠠᠶᠢᠲ᠋ᠠ᠂ | ᠡᠭᠦᠯᠡᠨ ᠪᠣᠳᠣᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ᠬᠦᠷᠢᠶ᠎ᠡ ᠶᠢ ᠭᠤᠣᠯᠳᠠᠯᠭ᠎ᠠ ᠲᠠᠢ ᠳᠡᠮᠵᠢᠬᠦ ᠪᠣᠯᠣᠨ᠎ᠠ᠃ |