ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ ᠪᠠᠭᠤᠷᠠᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/5/13
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦ ᠶᠢᠨ ᠲᠥᠪ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠮᠡᠳᠡᠭᠳᠡᠯ ᠨᠡᠶᠢᠲᠡᠯᠡᠵᠦ᠂ 5 ᠳ᠋ᠤᠭᠠᠷ ᠰᠠᠷ᠎ᠠ ᠶᠢᠨ 8 ᠤ ᠡᠳᠦᠷ ᠠᠴᠠ ᠡᠬᠢᠯᠡᠨ᠂ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 0. 25 ᠵᠠᠭᠤᠨ ᠤ ᠴᠡᠭ ᠢᠶᠠᠷ ᠪᠠᠭᠤᠷᠠᠭᠤᠯᠤᠨ᠎ᠠ ᠭᠡᠪᠡ᠃           ᠨᠢᠭᠡ᠂ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 0.25 ᠵᠠᠭᠤᠨ ᠤ ᠴᠡᠭ ᠢᠶᠠᠷ ᠪᠠᠭᠤᠷᠠᠭᠤᠯᠤᠨ᠎ᠠ᠃ 5 ᠵᠢᠯ ᠠᠴᠠ ᠳᠣᠷᠣᠭᠰᠢ ︵5 ᠵᠢᠯ ᠢ ᠪᠠᠭᠲᠠᠭᠠᠨ᠎ᠠ︶ ᠪᠠ 5 ᠵᠢᠯ ᠠᠴᠠ ᠳᠡᠭᠡᠭᠰᠢ ᠬᠤᠪᠢ ᠬᠥᠮᠥᠨ ᠤ ᠠᠩᠬᠠᠨ ᠤ ᠢᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠰ ᠲᠣᠰ 2.1% ᠪᠠ 2.6% ᠪᠣᠯᠭᠠᠨ ᠲᠣᠬᠢᠷᠠᠭᠤᠯᠵᠤ᠂ 5 ᠵᠢᠯ ᠠᠴᠠ ᠳᠣᠷᠣᠭᠰᠢ ︵5 ᠵᠢᠯ ᠢ ᠪᠠᠭᠲᠠᠭᠠᠨ᠎ᠠ ︶ ᠪᠠ 5 ᠵᠢᠯ ᠠᠴᠠ ᠳᠡᠭᠡᠭᠰᠢ ᠬᠤᠪᠢ ᠬᠥᠮᠥᠨ ᠤ ᠬᠤᠶᠠᠳᠤᠭᠠᠷ ᠢᠵᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠲᠣᠰ ᠲᠣᠰ 2.525% ᠪᠠ 3.075% ᠪᠣᠯᠭᠠᠨ ᠲᠣᠬᠢᠷᠠᠭᠤᠯᠪᠠ᠃           ᠬᠤᠶᠠᠷ᠂ 2025 ᠣᠨ ᠤ 5 ᠳ᠋ᠤᠭᠠᠷ ᠰᠠᠷ᠎ᠠ ᠶᠢᠨ 8 ᠤ ᠡᠳᠦᠷ ︵ᠪᠠᠭᠲᠠᠭᠠᠬᠤ ᠦᠭᠡᠢ︶ ᠠᠴᠠ ᠡᠮᠦᠨ᠎ᠡ ᠵᠢᠭᠡᠯᠡᠭᠦᠯᠦᠭᠰᠡᠨ ᠵᠢᠭᠡᠯᠡᠯᠭᠡ ᠶᠢᠨ ᠬᠤᠭᠤᠴᠠᠭ᠎ᠠ ᠨᠢ 1 ᠵᠢᠯ ᠤᠨ ᠵᠢᠭᠡᠯᠡᠭᠡ ᠳᠤ ᠵᠢᠭᠡᠯᠡᠯᠭᠡ ᠶᠢᠨ ᠭᠡᠷ᠎ᠡ ᠶᠢᠨ ᠬᠦᠦ ᠮᠥᠩᠭᠦ ᠶᠢᠨ ᠨᠤᠷᠮ᠎ᠠ ᠶᠢ ᠬᠡᠷᠡᠭᠵᠢᠭᠦᠯᠦᠨ᠎ᠡ᠂ ᠵᠢᠭᠡᠯᠡᠯᠭᠡ ᠶᠢᠨ ᠬᠤᠭᠤᠴᠠᠭ᠎ᠠ ᠨᠢ 1 ᠵᠢᠯ ᠠᠴᠠ ᠳᠡᠭᠡᠭᠰᠢ ᠵᠢᠭᠡᠯᠡᠭᠡ ᠳᠤ 2026 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠦᠦ ᠮᠥᠩᠭᠦ ᠶᠢᠨ ᠨᠤᠷᠮ᠎ᠠ ᠶᠢ ᠬᠡᠷᠡᠭᠵᠢᠭᠦᠯᠦᠨ᠎ᠡ᠃           ᠭᠤᠷᠪᠠ᠂ 2025 ᠣᠨ ᠤ 5 ᠳ᠋ᠤᠭᠠᠷ ᠰᠠᠷ᠎ᠠ ᠶᠢᠨ 8 ᠤ ᠡᠳᠦᠷ ︵ᠪᠠᠭᠲᠠᠨ᠎ᠠ︶ ᠠᠴᠠ ᠰᠡᠭᠦᠯᠡᠷ ᠵᠢᠭᠡᠯᠡᠬᠦ ᠵᠢᠭᠡᠯᠡᠯᠭᠡ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠦᠦ ᠮᠥᠩᠭᠦ ᠶᠢᠨ ᠨᠤᠷᠮ᠎ᠠ ᠶᠢ ᠬᠡᠷᠡᠭᠵᠢᠭᠦᠯᠦᠨ᠎ᠡ᠃
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号