| | | 5 ᠰᠠᠷ᠎ᠠ ᠶᠢᠨ 11 ᠤ ᠡᠳᠦᠷ᠂ ᠰᠠᠶᠢᠬᠠᠨ ᠲᠣᠭᠤᠷᠢᠭ ᠭᠤᠣᠯ ᠰᠡᠳᠦᠪᠲᠦ ᠡᠬᠡ ᠶᠢᠨ ᠪᠠᠶᠠᠷ ᠤᠨ ᠡᠳᠦᠷ ᠤᠨ | ᠤᠷᠠᠯᠢᠭ ᠤᠨ ᠠᠵᠢᠯᠯᠠᠭ᠎ᠠ ᠥᠷᠨᠢᠭᠦᠯᠪᠡ᠃ | | | | | | | ᠭᠡᠷ ᠤᠨ ᠠᠬᠠᠮᠠᠳ ᠪᠣᠯᠣᠨ ᠬᠡᠦᠬᠡᠳ ᠤᠳ ᠬᠠᠮᠲᠤ ᠪᠠᠷ ᠰᠠᠶᠢᠬᠠᠨ ᠲᠣᠭᠤᠷᠢᠭ ᠤᠨ ᠪᠣᠳᠠᠰ ᠤᠨ ᠪᠤᠰᠤ | ᠰᠣᠶᠣᠯ ᠤᠨ ᠥᠪ ᠤᠨ ᠦᠨᠳᠦᠰᠦᠲᠡᠨ ᠤ ᠵᠠᠩ ᠦᠢᠯᠡ ᠶᠢᠨ ᠣᠷᠳᠣᠨ ᠳᠤ᠂ ᠤᠯᠠᠮᠵᠢᠯᠠᠯᠲᠤ ᠭᠠᠷ ᠤᠷᠠᠯᠠᠯ ᠤᠨ | ᠪᠦᠲᠦᠭᠡᠭᠳᠡᠬᠦᠨ ᠬᠢᠭᠡᠳ ᠥᠪᠡᠷᠮᠢᠴᠡ ᠠᠷᠠᠳ ᠤᠨ ᠵᠠᠩ ᠦᠢᠯᠡ ᠶᠢᠨ ᠬᠠᠮᠢᠶ᠎ᠠ ᠪᠦᠬᠦᠢ ᠪᠣᠳᠠᠰ ᠢ ᠨᠠᠷᠢᠨ ᠣᠶᠢᠯᠠᠭᠠᠪᠠ︔ | | | | | | | | | ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠭᠡᠷ ᠤᠨ ᠠᠬᠠᠮᠠᠳ ᠪᠣᠯᠣᠨ ᠬᠡᠦᠬᠡᠳ ᠤᠳ ᠳᠥᠷᠪᠡᠳᠦᠭᠡᠷ | ᠳᠠᠪᠬᠤᠷᠯᠢᠭ ᠤᠨ ᠴᠠᠢ ᠶᠢᠨ ᠰᠣᠶᠣᠯ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ ᠲᠤᠰᠬᠠᠢ | ᠮᠡᠷᠭᠡᠵᠢᠯ ᠤᠨ ᠴᠠᠢ ᠶᠢᠨ ᠤᠷᠠᠯᠢᠭᠴᠢ ᠶᠢ ᠲᠤᠰᠬᠠᠶᠢᠯᠠᠨ ᠤᠷᠢᠵᠤ ᠴᠠᠢ ᠶᠢᠨ ᠤᠷᠠᠯᠢᠭ ᠤᠨ ᠮᠡᠳᠡᠯᠭᠡ ᠶᠢ | ᠲᠠᠶᠢᠯᠪᠤᠷᠢᠯᠠᠭᠤᠯᠵᠤ᠂ ᠪᠠᠭᠰᠢ ᠠᠴᠠ ᠴᠠᠢ ᠶᠢᠨ ᠨᠠᠪᠴᠢ ᠶᠢ ᠲᠥᠷᠥᠯ ᠬᠤᠪᠢᠶᠠᠬᠤ᠂ ᠴᠠᠢ ᠳᠡᠪᠲᠦᠭᠡᠬᠦ ᠤᠷ᠎ᠠ ᠮᠡᠷᠭᠡᠵᠢᠯ | ᠵᠢᠴᠢ ᠴᠠᠢ ᠤᠤᠭᠤᠬᠤ ᠤᠷᠠᠯᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠨᠢᠯᠴᠠᠭᠤᠯᠵᠤ᠂ ᠬᠡᠦᠬᠡᠳ ᠤᠳ ᠪᠣᠯᠣᠨ | ᠭᠡᠷ ᠤᠨ ᠠᠬᠠᠮᠠᠳ ᠲᠤ ᠴᠠᠢ ᠶᠢᠨ ᠤᠷᠠᠯᠢᠭ ᠤᠨ ᠰᠣᠶᠣᠯ ᠤᠨ ᠲᠤᠬᠠᠢ ᠠᠩᠬ᠎ᠠ ᠠᠯᠬᠤᠮ ᠤᠨ ᠲᠠᠨᠢᠯᠲᠠ ᠲᠠᠢ | ᠪᠣᠯᠭᠠᠵᠤ᠂ ᠪᠠᠭᠰᠢ ᠶᠢᠨ ᠨᠠᠷᠢᠨ ᠰᠡᠳᠬᠢᠯ ᠤᠨ ᠵᠢᠯᠣᠭᠤᠳᠤᠯᠭ᠎ᠠ ᠳᠣᠣᠷ᠎ᠠ᠂ ᠬᠡᠦᠬᠡᠳ ᠤᠳ ᠡᠵᠢ ᠳᠡᠭᠡᠨ ᠴᠠᠢ ᠰᠣᠩᠭᠤᠨ | ᠂ ᠴᠠᠢ ᠬᠢᠵᠦ᠂ ᠤᠰᠤ ᠴᠢᠳᠭᠤᠬᠤ ᠠᠴᠠ ᠡᠬᠢᠯᠡᠵᠦ ᠡᠵᠢ ᠳᠡᠭᠡᠨ ᠬᠠᠶᠢᠷ᠎ᠠ ᠰᠡᠳᠬᠢᠯᠭᠡ ᠪᠠᠨ ᠡᠨᠡ ᠬᠤᠨᠳᠠᠭ᠎ᠠ ᠳᠤ | ᠠᠭᠤᠰᠬᠠᠨ ᠣᠷᠣᠭᠤᠯᠵᠤ᠂ ᠲᠠᠯᠠᠷᠬᠠᠯ ᠤᠨ ᠰᠡᠳᠬᠢᠯᠭᠡ ᠪᠠᠨ ᠳᠠᠮᠵᠢᠭᠤᠯᠪᠠ᠃ | | | | | | | ᠢᠷᠡᠯᠲᠡ ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |