| | | | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ | ᠣᠷᠣᠨ ︽ᠤᠰᠤᠨ ᠠᠰᠢᠭᠯᠠᠯᠲᠠ ᠶᠢᠨ ᠶᠠᠮᠤᠨ ᠪᠣᠯᠣᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠤᠰᠤ ᠲᠠᠲᠠᠵᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢ ᠬᠡᠷᠡᠭᠵᠢᠭᠦᠯᠬᠦ ᠲᠤᠬᠠᠢ | ᠵᠢᠯᠤᠭᠤᠳᠬᠤ ᠰᠠᠨᠠᠯ︾ ᠤᠨ ᠱᠠᠭᠠᠷᠳᠠᠯᠭ᠎ᠠ ᠶᠣᠰᠣᠭᠠᠷ ᠪᠦᠭᠦ ᠣᠷᠣᠨ ᠤ 2024 ᠣᠨ ᠤ ᠤᠰᠤ ᠲᠠᠲᠠᠵᠤ | ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠠᠩᠬ᠎ᠠ ᠤᠳᠠᠭ᠎ᠠ ᠤᠰᠤ ᠲᠠᠲᠠᠵᠤ ᠬᠡᠷᠡᠭᠯᠡᠬᠦ 10187 ᠨᠢᠭᠡᠴᠢ ᠳᠤ ᠢᠲᠡᠭᠡᠮᠵᠢ ᠶᠢᠨ ᠦᠨᠡᠯᠡᠯᠲᠡ ᠬᠢᠪᠡ᠃ ᠡᠨᠡ ᠨᠢ | ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠨᠢᠭᠡᠨᠲᠡ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢᠨ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | | | | | ᠤᠰᠤ ᠲᠠᠲᠠᠵᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ ᠦᠨᠡᠯᠡᠯᠲᠡ ᠪᠣᠯ ᠥᠪᠡᠷᠲᠡᠭᠡᠨ ᠵᠠᠰᠠᠬᠤ ᠣᠷᠣᠨ | ᠤ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠠᠶᠢᠵᠤ᠂ ᠤᠰᠤ | ᠲᠠᠲᠠᠵᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠤᠰᠤᠨ ᠤ ᠡᠬᠢ | ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠬᠤ ᠬᠦᠴᠦᠲᠡᠢ ᠭᠠᠷᠳᠠᠴᠠ ᠪᠣᠯᠣᠨ᠎ᠠ᠃ ᠮᠠᠨ ᠤ ᠣᠷᠣᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠵᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ | ᠦᠨᠡᠯᠡᠯᠲᠡ ᠶᠢᠨ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠠᠵᠤ ᠦᠢᠯᠡᠳᠪᠦᠷᠢ᠂ ᠠᠮᠢᠳᠤᠷᠠᠯ ᠤᠨ | ᠦᠢᠯᠡᠴᠢᠯᠡᠭᠡᠨ ᠤ ᠦᠢᠯᠡᠰ᠂ ᠠᠮᠢ ᠠᠬᠤᠢ ᠣᠷᠴᠢᠨ ᠲᠣᠭᠤᠷᠢᠨ ᠵᠡᠷᠭᠡ 7 ᠶᠡᠭᠡ ᠭᠤᠣᠯᠳᠠᠯᠭ᠎ᠠ ᠲᠠᠢ ᠬᠦᠷᠢᠶᠡᠨ ᠳᠤ | ᠠᠩᠬ᠎ᠠ ᠤᠳᠠᠭ᠎ᠠ ᠪᠦᠭᠦ ᠰᠢᠰᠲ᠋ᠧᠮ᠂ ᠪᠦᠭᠦ ᠬᠡᠯᠬᠢᠶ᠎ᠡ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠬᠢᠪᠡ᠃ | ᠣᠳᠣᠬᠠᠨ ᠳᠤ ᠪᠦᠭᠦ ᠣᠷᠣᠨ ᠤ ᠨᠢᠭᠡᠨᠲᠡ ᠦᠨᠡᠯᠡᠯᠲᠡ ᠬᠢᠭᠰᠡᠨ ᠤᠰᠤ ᠲᠠᠲᠠᠵᠤ ᠬᠡᠷᠡᠭᠯᠡᠬᠦ ᠨᠢᠭᠡᠴᠢ ᠠᠴᠠ 9813 | ᠨᠢᠭᠡᠴᠢ ᠨᠢ ᠢᠲᠡᠭᠡᠮᠵᠢ ᠶᠢᠨ ᠰᠢᠯᠢᠳᠡᠭ ᠳᠡᠰ ︵A︶ ᠢᠶᠠᠷ ᠦᠨᠡᠯᠡᠭᠳᠡᠵᠦ᠂ 179 ᠨᠢᠭᠡᠴᠢ ᠨᠢ ᠢᠲᠡᠭᠡᠮᠵᠢ ᠶᠢᠨ | ᠰᠠᠶᠢᠨ ᠳᠡᠰ ︵B︶ ᠢᠶᠠᠷ ᠦᠨᠡᠯᠡᠭᠳᠡᠨ᠂ 195 ᠨᠢᠭᠡᠴᠢ ᠨᠢ ᠢᠲᠡᠭᠡᠮᠵᠢ ᠶᠢᠨ ᠡᠩ ᠤᠨ ᠳᠡᠰ ︵C︶ ᠲᠤ | ᠵᠢᠭᠰᠠᠭᠠᠭᠳᠠᠵᠤ᠂ ᠢᠲᠡᠭᠡᠮᠵᠢ ᠢᠶᠠᠷ ᠠᠨᠠᠢ ︵D︶ ᠨᠢᠭᠡᠴᠢ ᠭᠠᠷᠤᠭᠰᠠᠨ ᠦᠭᠡᠢ᠃ | |