ᠰᠠᠶᠢᠬᠠᠨ ᠴᠠᠭᠳᠠᠭ᠎ᠠ ︽ᠲᠤᠰᠬᠠᠢ ᠲᠡᠷᠭᠡ︾ ᠪᠠᠷ ᠪᠤᠭᠤ ᠶᠢ ᠬᠠᠮᠠᠭᠠᠯᠠᠨ ᠬᠦᠷᠭᠡᠬᠦ
ᠨᠡᠶᠢᠲᠡᠯᠡᠭᠰᠡᠨ ᠴᠠᠭ᠄
2025/5/14
      ᠣᠶᠢᠷ᠎ᠠ  ᠳᠤ᠂ ᠰᠠᠶᠢᠬᠠᠨ ᠲᠣᠭᠤᠷᠢᠭ ᠤᠨ ᠰᠠᠭᠤᠭᠠᠯᠢ ᠠᠷᠠᠳ ᠰᠠᠨᠠᠭᠠᠨ ᠠᠴᠠ ᠭᠠᠳᠠᠭᠤᠷ ︽ᠬᠤᠪᠣᠷ ᠵᠣᠴᠢᠨ︾ ᠢᠶᠠᠨ ᠤᠭᠲᠤᠨ᠂ ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ᠂ ᠡᠨᠡ ᠪᠣᠯ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠪᠤᠭᠤ ᠶᠢᠨ ᠵᠤᠯᠵᠠᠭ᠎ᠠ ᠭᠡᠳᠡᠭ ᠢ ᠲᠡᠷᠡ ᠳᠠᠷᠤᠢ ᠨᠤᠲᠠᠯᠠᠵᠤ᠂ ᠡᠴᠦᠰ ᠲᠤ᠂ ᠠᠮᠤᠷ ᠲᠦᠪᠰᠢᠨ ᠢᠶᠠᠷ ᠬᠥᠬᠡᠬᠤᠲᠠ ᠶᠢᠨ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠥᠪ ᠲᠤ ᠬᠦᠷᠭᠡᠵᠡᠢ᠃ ᠪᠠᠶᠢᠴᠠᠭᠠᠯᠲᠠ ᠪᠠᠷ ᠳᠠᠮᠵᠢᠭᠠᠳ ᠵᠢᠭᠠᠯ ᠠᠮᠢᠲᠠᠳ ᠤᠨ ᠪᠠᠢ ᠎ᠡ ᠮᠠᠬᠠᠪᠤᠳ ᠨᠢ ᠰᠦᠷ ᠰᠠᠶᠢᠨ᠂ ᠦᠷᠭᠦᠯᠵᠢᠯᠡᠨ ᠴᠢᠯᠦᠭᠡᠲᠡᠢ ᠠᠮᠢᠳᠤᠷᠠᠵᠤ ᠴᠢᠳᠠᠨ᠎ᠠ᠃
图片2.png
   图片1.jpg
      ︽ᠪᠤᠭᠤ ᠶᠢᠨ ᠣᠷᠣᠰᠢᠨ ᠠᠮᠢᠳᠤᠷᠠᠬᠤ ᠭᠠᠵᠠᠷ ᠤᠨ ᠣᠷᠴᠢᠨ ᠲᠣᠭᠤᠷᠢᠨ ᠤ ᠱᠠᠭᠠᠷᠳᠠᠯᠭ᠎ᠠ ᠮᠠᠰᠢ ᠥᠨᠳᠥᠷ᠂ ᠡᠨᠡ ᠨᠢ  ᠰᠠᠶᠢᠬᠠᠨ ᠲᠣᠭᠤᠷᠢᠭ ᠤᠨ ᠠᠮᠢ ᠠᠬᠤᠢ ᠶᠢᠨ ᠰᠠᠶᠢᠵᠢᠷᠠᠯᠲᠠ ᠶᠢᠨ ᠰᠢᠭᠤᠳ ᠢᠯᠡᠷᠡᠯ ᠮᠦᠨ︾ ᠭᠡᠵᠦ ᠠᠪᠤᠷᠠᠨ ᠲᠤᠰᠯᠠᠬᠤ ᠠᠵᠢᠯ ᠳᠤ ᠣᠷᠣᠯᠴᠠᠭᠰᠠᠨ ᠠᠷᠠᠳ ᠤᠨ ᠴᠠᠭᠳᠠᠭ᠎ᠠ ᠲᠠᠨᠢᠯᠴᠠᠭᠤᠯᠤᠨ᠎ᠠ᠃ ᠣᠶᠢᠷ᠎ᠠ ᠶᠢᠨ ᠵᠢᠯ ᠳᠤ ᠂ ᠰᠠᠶᠢᠬᠠᠨ ᠲᠣᠭᠤᠷᠢᠭ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ᠂ ᠬᠠᠲᠤᠨ ᠭᠤᠣᠯ ᠤᠨ ᠰᠠᠪᠠ ᠭᠠᠵᠠᠷ ᠢ ᠨᠣᠭᠤᠭᠠᠷᠠᠭᠤᠯᠬᠤ ᠵᠡᠷᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠠᠷᠢᠶᠠᠲᠤ ᠣᠷᠣᠨ ᠤ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠶᠢ 32% ᠪᠣᠯᠲᠠᠯ᠎ᠠ ᠳᠡᠭᠡᠭᠰᠢᠯᠡᠭᠦᠯᠵᠦ᠂ ᠨᠤᠭᠤ ᠭᠠᠵᠠᠷ ᠤᠨ ᠲᠠᠯᠠᠪᠠᠢ ᠶᠢ 1200 ᠾᠧᠺᠲ᠋ᠠᠷ ᠪᠣᠯᠲᠠᠯ᠎ᠠ ᠥᠷᠭᠡᠳᠬᠡᠵᠦ᠂ ᠠᠮᠢ ᠠᠬᠤᠢ ᠶᠢᠨ ᠪᠠᠶᠢᠷᠢᠰᠢᠯ ᠢ ᠪᠤᠢ ᠪᠣᠯᠭᠠᠵᠠᠢ᠃      ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号