ᠰᠠᠶᠢᠬᠠᠨ ᠲᠣᠭᠤᠷᠢᠭ᠄ ︽ᠪᠣᠯᠪᠠᠰᠤᠷᠠᠯ ᠢᠶᠠᠷ ᠠᠵᠢᠯ ᠣᠯᠭᠤᠬᠤ︾ ᠦᠢᠯᠡᠴᠢᠯᠡᠭᠡᠨ ᠤ ᠰᠢᠨ᠎ᠡ ᠵᠠᠭᠪᠤᠷ ᠢ ᠡᠭᠦᠳᠦᠨ᠎ᠡ
ᠨᠡᠶᠢᠲᠡᠯᠡᠭᠰᠡᠨ ᠴᠠᠭ᠄
2025/5/14
       ᠭᠡᠷ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠬᠠᠩᠭᠠᠯᠭ᠎ᠠ ᠬᠡᠷᠡᠭᠴᠡᠭᠡ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠰᠢᠢᠳᠪᠦᠷᠢᠯᠡᠬᠦ ᠶᠢᠨ ᠲᠥᠯᠥᠭᠡ᠂ ᠰᠠᠶᠢᠬᠠᠨ ᠲᠣᠭᠤᠷᠢᠭ ᠤᠨ ᠠᠷᠠᠳ ᠤᠨ ᠵᠠᠮ ᠵᠡᠭᠡᠯᠢ ᠭᠤᠳᠤᠮᠵᠢ ᠶᠢᠨ ᠹᠦ᠋ ᠰᠢᠩ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠲᠠᠢ ᠬᠠᠮᠲᠤᠷᠠᠨ ᠰᠢᠨ᠎ᠡ ᠶᠢ ᠡᠭᠦᠳᠴᠦ ︽ᠴᠡᠯᠡᠭᠡᠷ ᠲᠠᠯ᠎ᠠ︾ ᠡᠮᠡᠭᠲᠡᠶᠢᠴᠦᠳ ᠤᠨ ᠭᠡᠷ ᠠᠬᠤᠢ ᠶᠢᠨ ᠨᠡᠶᠢᠭᠡᠮ ᠲᠣᠭᠤᠷᠢᠭ ᠲᠤ ᠣᠷᠣᠬᠤ ᠠᠵᠢᠯᠯᠠᠭ᠎ᠠ ᠶᠢ ᠡᠭᠦᠳᠪᠡ᠃ ᠣᠶᠢᠷ᠎ᠠ ᠳᠤ᠂ ᠠᠩᠬᠠᠳᠤᠭᠠᠷ ᠬᠤᠭᠤᠴᠠᠭᠠᠨ ᠤ ︽ᠡᠪᠡᠳᠴᠢᠲᠡᠨ ᠢ ᠠᠰᠠᠷᠠᠬᠤ ᠤᠷ᠎ᠠ ᠴᠢᠳᠠᠪᠤᠷᠢ ᠶᠢᠨ ᠪᠣᠯᠪᠠᠰᠤᠷᠠᠯ︾ ᠢ ᠵᠢᠩᠬᠢᠨᠢ ᠪᠠᠷ ᠡᠬᠢᠯᠡᠭᠦᠯᠵᠦ᠂ ︽ᠬᠠᠨᠳᠤᠯᠭ᠎ᠠ ᠲᠠᠢ ᠪᠠᠷ ᠪᠣᠯᠪᠠᠰᠤᠷᠠᠭᠤᠯᠵᠤ ᠨᠠᠷᠢᠯᠢᠭ ᠣᠨᠣᠴᠠᠲᠠᠢ ᠪᠠᠷ ᠠᠵᠢᠯ ᠣᠯᠭᠤᠬᠤ︾ ᠵᠠᠭᠪᠤᠷ ᠢᠶᠠᠷ ᠳᠠᠮᠵᠢᠭᠤᠯᠤᠨ ︽ᠲᠡᠭᠦᠰᠪᠡᠯ ᠠᠵᠢᠯ ᠤᠨ ᠪᠠᠶᠢᠷᠢ ᠳᠤ ᠭᠠᠷᠬᠤ︾ ᠠᠵᠢᠯ ᠣᠯᠭᠤᠯᠲᠠ ᠶᠢᠨ ᠪᠢᠲᠡᠭᠦᠦ ᠴᠠᠭᠠᠷᠢᠭ ᠢ ᠪᠡᠶᠡᠯᠡᠭᠦᠯᠵᠦ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠠᠵᠢᠯ ᠣᠯᠭᠤᠯᠲᠠ ᠳᠤ ᠰᠢᠨ᠎ᠡ ᠠᠷᠭ᠎ᠠ ᠵᠠᠮ ᠢ ᠨᠡᠭᠡᠭᠡᠵᠦ ᠥᠭᠪᠡ᠃
图片3.png
           ᠨᠡᠶᠢᠭᠡᠮ ᠠᠵᠤ ᠠᠬᠤᠶᠢᠯᠠᠯ ᠬᠠᠮᠲᠤᠷᠠᠨ ᠬᠥᠳᠡᠯᠦᠯᠴᠡᠵᠦ ᠲᠠᠪᠴᠠᠩ ᠪᠠᠶᠢᠭᠤᠯᠬᠤ        ᠨᠠᠷᠢᠯᠢᠭ ᠣᠨᠣᠪᠴᠢᠲᠠᠢ ᠪᠠᠷ ᠪᠣᠯᠪᠠᠰᠤᠷᠠᠭᠤᠯᠤᠨ ᠰᠢᠨ᠎ᠡ ᠡᠨᠧᠷᠭᠢ ᠣᠯᠭᠤᠬᠤ       ᠦᠢᠯᠡᠴᠢᠯᠡᠭᠡᠨ ᠤ ᠬᠡᠯᠬᠢᠶ᠎ᠡ ᠶᠢ ᠦᠷᠭᠦᠯᠵᠢᠯᠡᠨ ᠤᠷᠲᠤᠳᠬᠠᠬᠤ     ᠢᠷᠡᠭᠡᠳᠦᠢ᠂ ᠰᠠᠶᠢᠬᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠪᠣᠯᠪᠠᠰᠤᠷᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠨᠢᠭᠡᠳᠬᠡᠵᠦ᠂ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠢ ᠵᠢᠯᠣᠭᠤᠳᠤᠨ︽ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠨᠡᠶᠢᠲᠡᠯᠢᠭ ᠵᠢᠱᠢᠶ᠎ᠡ ᠶᠢ ᠪᠣᠶᠢᠵᠢᠭᠤᠯᠬᠤ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠪᠣᠯᠪᠠᠰᠤᠷᠠᠭᠤᠯᠤᠯ ᠬᠢᠬᠦ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ︾᠂ ︽ᠨᠢᠭᠡ ᠨᠡᠶᠢᠭᠡᠮ ᠲᠣᠭᠤᠷᠢᠭ ᠨᠢᠭᠡ ᠤᠷ᠎ᠠ ᠴᠢᠳᠠᠪᠤᠷᠢ︾ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠠᠰᠤᠲᠠᠨ ᠢ ᠠᠰᠠᠷᠠᠨ ᠰᠤᠪᠢᠯᠠᠬᠤ᠂ ᠬᠡᠦᠬᠡᠳ ᠬᠥᠮᠥᠵᠢᠭᠦᠯᠬᠦ ᠡᠷᠲᠡ ᠰᠤᠷᠭᠠᠨ ᠬᠥᠮᠦᠵᠢᠯ ᠵᠡᠷᠭᠡ ᠣᠨᠴᠠᠯᠢᠭᠲᠤ ᠬᠢᠴᠢᠶᠡᠯ ᠢ ᠥᠷᠭᠡᠳᠬᠡᠨ᠂ ᠨᠠᠩ ᠣᠯᠠᠨ ᠡᠮᠡᠭᠲᠡᠶᠢᠴᠦᠳ ᠤᠨ ᠠᠵᠢᠯ ᠣᠯᠭᠤᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠨ‌ᠨᠡᠮᠡᠷᠢᠯᠡᠨ᠎ᠡ ᠃      ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ  
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号