| | | ︵ᠰᠤᠷᠪᠤᠯᠵᠢᠯᠠᠭᠴᠢ ᠮᠠ ᠶᠠᠨ︶ 34 ᠳ᠋ᠦ᠋ᠭᠡᠷ ᠪᠥᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ | ᠤᠬᠠᠭᠤᠯᠭ᠎ᠠ ᠶᠢᠨ ᠭᠠᠷᠠᠭ ᠬᠦᠷᠴᠦ ᠢᠷᠡᠬᠦ ᠲᠠᠰᠢᠷᠠᠮ ᠢᠶᠠᠷ᠂ 5 ᠳ᠋ᠤᠭᠠᠷ ᠰᠠᠷ᠎ᠠ ᠶᠢᠨ 11 ᠤ ᠡᠳᠦᠷ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠵᠡᠷᠭᠡ ᠣᠯᠠᠨ ᠰᠠᠯᠠᠭ᠎ᠠ ᠮᠥᠴᠢᠷ ᠠᠴᠠ ᠡᠷᠭᠢᠯᠡᠭᠰᠡᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠵᠢᠴᠢ ᠬᠥᠬᠡᠬᠤᠲᠠ ᠶᠢᠨ 2025 ᠣᠨ ᠤ ᠪᠥᠬᠦ ᠤᠯᠤᠰ ᠤᠨ ᠬᠤᠲᠠ ᠶᠢᠨ ᠤᠰᠤ ᠶᠢ | ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠠᠯᠲᠠᠢ ᠴᠡᠴᠡᠷᠯᠢᠭ ᠲᠤ ᠡᠬᠢᠯᠡᠪᠡ᠃ | | | ᠣᠶᠢᠯᠠᠭᠠᠭᠰᠠᠨ ᠢᠶᠠᠷ᠂ ᠲᠣᠰ ᠠᠵᠢᠯᠯᠠᠭ᠎ᠠ ᠨᠢ ︽ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ | ᠬᠤᠲᠠ ᠶᠢᠨ ᠤᠰᠤ ᠠᠷᠪᠢᠯᠠᠬᠤ ᠶᠢ ᠬᠠᠮᠵᠢᠯᠴᠠᠨ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠳᠤᠷᠠᠳᠤᠭᠰᠠᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ | ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ | ᠰᠡᠳᠬᠢᠴᠡ ᠪᠠ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠤᠰᠤ ᠠᠷᠪᠢᠯᠠᠬᠤ ᠤᠬᠠᠮᠰᠠᠷ ᠢ ᠭᠦᠨᠵᠡᠭᠡᠶᠢᠷᠡᠭᠦᠯᠦᠨ᠂ | ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ | ᠠᠬᠢᠭᠤᠯᠬᠤ ᠶᠢᠨ ᠲᠥᠯᠥᠭᠡ ᠶᠤᠮ᠃ | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠰᠤ ᠠᠷᠪᠢᠯᠠᠬᠤ ᠰᠠᠶᠢᠨ ᠳᠤᠷ᠎ᠠ ᠶᠢᠨ ᠦᠢᠯᠡᠴᠢᠯᠡᠭᠴᠢᠳ | ᠬᠤᠲᠠ ᠶᠢᠨ ᠠᠷᠠᠳ ᠲᠤ ᠤᠰᠤ ᠠᠷᠪᠢᠯᠠᠬᠤ ᠰᠢᠨᠵᠢᠯᠡᠬᠦ ᠤᠬᠠᠭᠠᠨ ᠤ ᠶᠡᠷᠦ ᠶᠢᠨ ᠮᠡᠳᠡᠯᠭᠡ᠂ ︽ᠠᠷᠠᠳ ᠢᠷᠭᠡᠳ ᠤᠨ | ᠤᠰᠤ ᠶᠢ ᠠᠷᠪᠢᠯᠠᠵᠤ ᠬᠡᠷᠡᠭᠯᠡᠬᠦ ᠦᠢᠯᠡ ᠠᠵᠢᠯᠯᠠᠭ᠎ᠠ ᠶᠢᠨ ᠵᠢᠷᠤᠮᠵᠢᠯ︾᠂ ᠳᠠᠬᠢᠯᠲᠠ ᠤᠰᠤ ᠶᠢ ᠠᠰᠢᠭᠯᠠᠬᠤ᠂ | ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢ ᠲᠠᠶᠢᠯᠪᠤᠷᠢᠯᠠᠬᠤ ᠶᠢᠨ ᠬᠠᠮᠲᠤ ᠤᠰᠤ | ᠠᠷᠪᠢᠯᠠᠬᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠪᠠᠰᠠ ᠲᠤᠬᠠᠢ ᠶᠢᠨ ᠲᠠᠯᠠᠪᠠᠢ ᠶᠢᠨ ᠣᠯᠠᠨ ᠲᠦᠮᠡᠨ ᠲᠠᠢ | ᠬᠠᠷᠢᠯᠴᠠᠨ ᠬᠥᠲᠥᠯᠥᠯᠴᠡᠬᠦ ᠤᠰᠤ ᠠᠷᠪᠢᠯᠠᠬᠤ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠤᠰᠤ ᠠᠷᠪᠢᠯᠠᠬᠤ ᠵᠢᠵᠢᠭ | ᠲᠣᠭᠯᠠᠭᠠᠮ ᠵᠡᠷᠭᠡ ᠶᠢ ᠥᠷᠨᠢᠭᠦᠯᠵᠦ᠂ ᠬᠤᠲᠠ ᠶᠢᠨ ᠠᠷᠠᠳ ᠲᠤ ᠤᠰᠤ ᠠᠷᠪᠢᠯᠠᠬᠤ ︽ᠮᠡᠳᠡᠯᠭᠡ ᠶᠢᠨ | ᠦᠪᠡᠳᠡᠭᠰᠢ ᠨᠠᠶᠢᠷ︾ ᠢ ᠠᠪᠴᠢᠷᠠᠭᠰᠠᠨ ᠪᠠᠶᠢᠨ᠎ᠠ᠃ | | | ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠤᠨ ᠲᠤᠷᠰᠢ᠂ ᠬᠥᠬᠡᠬᠤᠲᠠ ᠬᠤᠲᠠ ᠶᠢᠨ ᠤᠰᠤ ᠠᠷᠪᠢᠯᠠᠵᠤ | ᠬᠤᠷᠣᠭᠳᠠᠯ ᠢ ᠪᠠᠭᠠᠰᠬᠠᠬᠤ ᠠᠵᠢᠯ ᠢ ᠢᠳᠡᠪᠬᠢᠲᠡᠢ ᠠᠬᠢᠭᠤᠯᠵᠤ᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ᠂ | ᠬᠠᠭᠤᠴᠢᠨ ᠬᠤᠷᠢᠶᠠᠯᠠᠯ ᠢ ᠥᠭᠡᠷᠡᠴᠢᠯᠡᠬᠦ᠂ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠵᠡᠷᠭᠡ ᠬᠤᠲᠠ ᠶᠢᠨ | ᠰᠠᠭᠤᠷᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠠᠵᠢᠯ ᠤᠨ ᠳᠤᠮᠳᠠ᠂ ᠬᠤᠲᠠ ᠶᠢᠨ ᠤᠰᠤ ᠬᠡᠷᠡᠭᠯᠡᠬᠦ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷ ᠤᠰᠤ ᠶᠢ ᠳᠠᠬᠢᠨ ᠠᠰᠢᠭᠯᠠᠬᠤ ᠵᠢᠴᠢ ᠤᠰᠤᠨ ᠤ | ᠣᠷᠴᠢᠨ ᠲᠣᠭᠤᠷᠢᠨ ᠢ ᠰᠠᠶᠢᠵᠢᠷᠠᠭᠤᠯᠵᠤ᠂ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠶᠢᠯᠠᠭᠠᠭᠳᠠᠬᠤᠨ ᠢ ᠬᠥᠮᠥᠰ ᠤᠨ | ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃ 2025 ᠣᠨ ᠳᠤ᠂ ᠥᠪᠡᠷᠲᠡᠭᠡᠨ ᠵᠠᠰᠠᠬᠤ ᠣᠷᠣᠨ ᠤ ᠤᠰᠤ | ᠠᠷᠪᠢᠯᠠᠬᠤ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠦᠷᠭᠦᠯᠵᠢᠯᠡᠨ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠤᠰᠤ ᠬᠠᠩᠭᠠᠬᠤ ᠬᠤᠭᠤᠯᠠᠢ ᠲᠣᠣᠷ ᠤᠨ ᠭᠤᠭᠤᠵᠢᠬᠤ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠨ᠂ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠤᠰᠤ ᠠᠷᠪᠢᠯᠠᠬᠤ ᠮᠡᠷᠭᠡᠵᠢᠯ ᠢ | ᠳᠡᠯᠭᠡᠷᠡᠭᠦᠯᠦᠨ᠂ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠰᠤ ᠶᠢ ᠠᠷᠪᠢᠯᠠᠨ ᠬᠡᠷᠡᠭᠯᠡᠬᠦ | ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠢᠳᠡᠪᠬᠢᠲᠡᠢ ᠠᠬᠢᠭᠤᠯᠤᠨ᠎ᠠ᠃ |